| | | 10 ᠰᠠᠷ᠎ᠠ ᠶᠢᠨ 23 ᠤ ᠡᠳᠦᠷ᠂ ᠤᠯᠠᠭᠠᠨᠴᠠᠪ ᠤᠨ ︽ᠣᠶ ᠰᠢᠭᠤᠢ ᠶᠢᠨ ᠬᠥᠭ ᠠᠶᠠᠰ︾ ᠰᠤᠮᠤᠨ ᠠᠭᠤᠯᠠ | ᠶᠢᠨ ᠶᠢᠰᠦᠨ ᠰᠠᠷ᠎ᠠ ᠶᠢᠨ ᠶᠢᠰᠦᠨ ᠤ ᠠᠭᠤᠯᠠ ᠠᠪᠠᠷᠢᠬᠤ ᠤᠯᠠᠷᠢᠯ ᠤᠨ ᠠᠵᠢᠯᠯᠠᠭ᠎ᠠ ᠰᠢᠩ ᠾᠧ ᠰᠢᠶᠠᠨ ᠤ ᠰᠤᠮᠤᠨ | ᠠᠭᠤᠯᠠ ᠣᠶ ᠰᠢᠭᠤᠢ ᠶᠢᠨ ᠴᠡᠴᠡᠷᠯᠢᠭ ᠲᠤ ᠶᠠᠪᠤᠭᠳᠠᠪᠠ᠃ | | 10 ᠰᠠᠷ᠎ᠠ ᠶᠢᠨ 23 ᠤ ᠡᠳᠦᠷ᠂ ᠤᠯᠠᠭᠠᠨᠴᠠᠪ ᠤᠨ ︽ᠣᠶ ᠰᠢᠭᠤᠢ ᠶᠢᠨ ᠬᠥᠭ ᠠᠶᠠᠰ︾ ᠰᠤᠮᠤᠨ ᠠᠭᠤᠯᠠ | ᠶᠢᠨ ᠶᠢᠰᠦᠨ ᠰᠠᠷ᠎ᠠ ᠶᠢᠨ ᠶᠢᠰᠦᠨ ᠤ ᠠᠭᠤᠯᠠ ᠠᠪᠠᠷᠢᠬᠤ ᠤᠯᠠᠷᠢᠯ ᠤᠨ ᠠᠵᠢᠯᠯᠠᠭ᠎ᠠ ᠰᠢᠩ ᠾᠧ ᠰᠢᠶᠠᠨ ᠤ ᠰᠤᠮᠤᠨ | ᠠᠭᠤᠯᠠ ᠣᠶ ᠰᠢᠭᠤᠢ ᠶᠢᠨ ᠴᠡᠴᠡᠷᠯᠢᠭ ᠲᠤ ᠶᠠᠪᠤᠭᠳᠠᠪᠠ᠃ ᠪᠡᠭᠡᠵᠢᠩ ᠲᠢᠶᠠᠨᠵᠢᠨ ᠡᡁᠧᠪᠸᠢ ᠱᠠᠨ ᠰᠢ ᠵᠡᠷᠭᠡ | ᠭᠠᠵᠠᠷ ᠠᠴᠠ ᠢᠷᠡᠭᠰᠡᠨ 3000 ᠭᠠᠷᠤᠢ ᠵᠤᠭᠠᠴᠠᠭᠴᠢ ᠡᠬᠡ ᠤᠯᠤᠰ ᠤᠨ ᠤᠮᠠᠷᠠᠲᠤ ᠬᠢᠯᠢ ᠶᠢᠨ ᠡᠨᠡᠬᠦ ︽ᠬᠡᠷᠡᠯᠳᠦ | ᠰᠤᠪᠤᠳ ᠤᠢ ᠰᠢᠭᠤᠢ︾ ᠳᠤ ᠴᠤᠭᠯᠠᠷᠠᠵᠤ᠂ ᠪᠣᠬᠢᠷᠲᠤᠯ ᠦᠭᠡᠢ ᠠᠮᠢ ᠠᠬᠤᠢ ᠶᠢ ᠣᠶᠢᠯᠠᠭᠠᠬᠤ᠂ ᠡᠷᠡᠭᠦᠯ ᠰᠠᠷᠠᠭᠤᠯ | ᠠᠮᠢᠳᠤᠷᠠᠯ ᠢ ᠡᠳ᠋ᠯᠡᠬᠦ ᠦᠵᠡᠰᠬᠦᠯᠡᠩᠲᠦ ᠰᠠᠶᠢᠬᠠᠨ ᠠᠶᠠᠯᠠᠯ ᠢᠶᠠᠨ ᠬᠠᠮᠲᠤᠪᠠᠷ ᠡᠬᠢᠯᠡᠭᠦᠯᠵᠡᠢ᠃ | ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠨᠠᠮ ᠤᠨ ᠬᠤᠷᠢᠶ᠎ᠠ ᠶᠢᠨ ᠱᠦᠵᠢ ᠸᠠᠩ ᠦ᠋᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠪᠠᠷᠲᠠᠭ᠎ᠠ ᠰᠢᠨᠵᠢᠯᠡᠬᠦ | ᠨᠡᠶᠢᠭᠡᠮᠯᠢᠭ ᠤᠨ ᠣᠨᠴᠠᠭᠠᠶ ᠤᠷᠤᠨ ᠪᠦᠰᠡ ᠶᠢᠨ ᠪᠠᠷᠲᠠᠭ᠎ᠠ ᠰᠢᠨᠵᠢᠯᠡᠬᠦ ᠲᠤᠰᠬᠠᠢ ᠮᠡᠷᠭᠡᠵᠢᠯ ᠤᠨ ᠵᠥᠪᠯᠡᠯ ᠤᠨ | ᠡᠷᠬᠢᠯᠡᠭᠴᠢ ᠲᠠᠩ ᠴᠠᠩ ᠵᠥᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠶᠤᠸᠠᠢ ᠶᠠᠨ ᠮᠧᠶ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢᠦ ᠹᠧᠢ ᠮᠢᠩ᠂ ᠬᠤᠲᠠ ᠶᠢᠨ ᠳᠡᠳ᠋ ᠳᠠᠷᠤᠭ᠎ᠠ ᠹᠠᠩ ᠽᠧ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠨᠠᠰᠤᠨᠪᠠᠲᠤ ᠲᠤᠰ ᠠᠵᠢᠯᠯᠠᠭ᠎ᠠ ᠳᠤ | ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠪᠠᠷᠲᠠᠭ᠎ᠠ ᠰᠢᠨᠵᠢᠯᠡᠬᠦ ᠨᠡᠶᠢᠭᠡᠮᠯᠢᠭ ᠠᠴᠠ | ᠰᠢᠩ ᠾᠧ ᠰᠢᠶᠠᠨ ᠳᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ᠂ ᠳᠤᠮᠳᠠᠳᠤ ᠤᠯᠤᠰ ᠤᠨ ᠵᠠᠯᠠᠭᠤᠴᠤᠳ | ᠪᠠᠭᠠᠴᠤᠳ ᠤᠨ ᠰᠤᠳᠤᠯᠤᠨ ᠰᠤᠷᠤᠯᠴᠠᠬᠤ ᠰᠢᠨᠵᠢᠯᠡᠬᠦ ᠤᠬᠠᠭᠠᠨ ᠤ ᠰᠢᠨᠵᠢᠯᠡᠨ ᠪᠠᠶᠢᠴᠠᠭᠠᠬᠤ ᠠᠩᠬᠢ ᠶᠢᠨ ᠰᠤᠮᠤᠨ | ᠠᠭᠤᠯᠠ ᠶᠢᠨ ᠬᠤᠸᠠᠷᠠᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠪᠠᠷᠲᠠᠭ᠎ᠠ ᠰᠢᠨᠵᠢᠯᠡᠬᠦ ᠨᠡᠶᠢᠭᠡᠮᠯᠢᠭ ᠤᠨ | ᠣᠨᠴᠠᠭᠠᠶ ᠤᠷᠤᠨ ᠪᠦᠰᠡ ᠶᠢᠨ ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠰᠤᠮᠤᠨ ᠠᠭᠤᠯᠠ ᠶᠢᠨ ᠬᠤᠸᠠᠷᠠᠨ ᠤ | ᠫᠠᠶᠢᠰᠠ ᠢᠯᠡᠷᠭᠡᠶᠢᠯᠡᠯ ᠢ ᠤᠯᠭᠤᠪᠠ᠃ ᠲᠠᠮᠢᠷᠴᠢᠳ ᠤᠨ ᠲᠥᠯᠥᠭᠡᠯᠡᠭᠴᠢ ︽ᠤᠯᠠᠨ ᠢᠶᠠᠷ ᠢᠶᠠᠨ ᠪᠡᠶ᠎ᠡ | ᠴᠢᠭᠢᠷᠠᠭᠵᠢᠭᠤᠯᠵᠦ᠂ ᠬᠠᠮᠳᠤ ᠪᠠᠷ ᠢᠶᠠᠨ ᠡᠷᠡᠭᠦᠯ ᠢ ᠡᠷᠬᠢᠮᠯᠡᠬᠦ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ | ᠨᠡᠶᠢᠲᠡᠯᠡᠵᠦ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠣᠨ ᠬᠦᠨᠳᠦᠲᠦ ᠵᠣᠴᠢᠳ ᠬᠠᠮᠲᠤᠪᠠᠷ ᠲᠤᠰ | ᠤᠳᠠᠭ᠎ᠠ ᠶᠢᠨ ᠠᠭᠤᠯᠠ ᠠᠪᠠᠷᠢᠬᠤ ᠤᠯᠠᠷᠢᠯ ᠤᠨ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠢ ᠡᠬᠢᠯᠡᠬᠦᠯᠬᠦ ᠶᠢᠨ | ᠬᠠᠮᠲᠤ ᠠᠬᠤᠢ ᠳᠠᠯᠠᠪᠠᠢ ᠶᠢ ᠲᠣᠭᠤᠷᠢᠨ ᠦᠵᠡᠭᠦᠯᠪᠡ᠃ | ᠲᠣᠰ ᠤᠳᠠᠭᠠᠨ ᠤ ᠠᠭᠤᠯᠠ ᠠᠪᠠᠷᠢᠬᠤ ᠤᠷᠤᠯᠳᠤᠭᠠᠨ ᠢ ᠠᠭᠤᠯᠠᠷᠬᠠᠭ ᠭᠠᠵᠠᠷ ᠤᠨ 5 ᠺᠢᠯᠣᠮᠧᠲᠷ᠂ 9 | ᠺᠢᠯᠣᠮᠧᠲᠷ᠂ 13 ᠺᠢᠯᠣᠮᠧᠲᠷ ᠭᠡᠮᠡᠨ ᠬᠤᠪᠢᠶᠠᠵᠤ᠂ ᠡᠷᠡᠭᠲᠡᠢ ᠡᠮᠡᠭᠲᠡᠢ ᠶᠢᠨ ᠳᠤᠭᠤᠶᠢᠯᠠᠩ ᠢ ᠨᠡᠶᠢᠲᠡ 6 | ᠳᠤᠭᠤᠶᠢᠯᠠᠩ ᠪᠤᠯᠭᠠᠨ ᠬᠤᠪᠢᠶᠠᠵᠠᠢ᠃ ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ 1500 ᠨᠡᠷ᠎ᠡ ᠤᠷᠴᠢᠮ ᠤᠨ | ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠯᠦ ᠵᠢᠶᠠ ᠶᠢᠩ ᠵᠢᠵᠢᠭ ᠪᠠᠯᠭᠠᠰᠤ ᠠᠴᠠ ᠮᠣᠷᠳᠠᠵᠤ᠂ ᠮᠤᠷᠤᠢ ᠰᠠᠷᠤᠢ | ᠠᠭᠤᠯᠠᠨ ᠵᠠᠮ ᠢᠶᠠᠷ ᠤᠷᠤᠭᠰᠢᠯᠠᠵᠤ᠂ ᠬᠤᠷᠴᠠ ᠰᠢᠷᠦᠭᠦᠨ ᠮᠥᠷᠥᠶᠢᠴᠡᠭᠡᠨ ᠶᠠᠪᠤᠭᠤᠯᠵᠠᠢ᠃ ᠨᠠᠮᠤᠷ ᠤᠨ ᠤᠯᠠᠷᠢᠯ ᠤᠨ | ᠰᠤᠮᠤᠨ ᠠᠭᠤᠯᠠᠨ ᠳᠤ᠂ ᠤᠷᠤᠯᠳᠤᠭᠠᠨ ᠳᠤ ᠣᠷᠣᠯᠴᠠᠭᠰᠠᠳ ᠬᠥᠯᠥᠰᠦ ᠪᠠᠨ ᠤᠷᠤᠰᠬᠠᠬᠤ ᠶᠢᠨ ᠬᠠᠮᠲᠤ | ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠠᠭᠤᠯᠠ ᠬᠠᠶᠢᠷᠬᠠᠨ ᠤ ᠥᠩᠭᠡᠲᠦ ᠨᠠᠪᠴᠢᠰ ᠢ ᠰᠣᠨᠢᠷᠬᠠᠨ᠂ | ᠦᠵᠡᠰᠬᠦᠯᠡᠩᠲᠦ ᠰᠠᠶᠢᠬᠠᠨ ᠥᠩᠭᠡ ᠦᠵᠡᠮᠵᠢ ᠶᠢ ᠬᠠᠨᠲᠠᠯ᠎ᠠ ᠪᠠᠨ ᠰᠣᠨᠢᠷᠬᠠᠵᠤ᠂ ᠠᠭᠤᠯᠠ ᠠᠪᠠᠷᠢᠬᠤ ᠶᠢᠨ ᠬᠠᠪᠤ | ᠴᠡᠩᠭᠡᠯ ᠢ ᠡᠳ᠋ᠯᠡᠨ᠎ᠡ᠃ | ᠤᠷᠤᠯᠳᠤᠭᠠᠨ ᠤ ᠠᠬᠤᠢ ᠲᠠᠯᠠᠪᠠᠢ ᠳᠤ ᠪᠠᠰᠠ ᠤᠷᠠᠨ ᠪᠢᠴᠢᠯᠭᠡ᠂ ᠤᠷᠠᠨ ᠵᠢᠷᠤᠭ᠂ ᠭᠡᠷᠡᠯ ᠵᠢᠷᠤᠭ ᠤᠨ | ᠪᠦᠲᠦᠭᠡᠯ ᠤᠨ ᠦᠵᠡᠭᠦᠯᠦᠯᠭᠡ᠂ ᠲᠠᠷᠢᠶᠠᠴᠢᠨ ᠤ ᠪᠡᠶ᠎ᠡ ᠲᠠᠮᠢᠷ ᠤᠨ ᠴᠤᠭᠯᠠᠭᠠᠨ᠂ ᠠᠭᠤᠳᠠᠮ ᠲᠠᠯᠠᠪᠠᠢ ᠶᠢᠨ | ᠪᠥᠵᠢᠭ ᠤᠨ ᠤᠷᠤᠯᠳᠤᠭᠠᠨ ᠵᠡᠷᠭᠡ ᠭᠤᠶᠢᠳᠠ ᠰᠠᠶᠢᠬᠠᠨ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠵᠤᠭᠠᠴᠠᠭᠰᠠᠳ ᠲᠤ | ᠤᠯᠠᠭᠠᠨᠴᠠᠪ ᠬᠤᠳᠠ ᠶᠢᠨ ᠥᠪᠡᠷᠮᠢᠴᠡ ᠣᠨᠴᠠᠯᠢᠭ ᠲᠠᠢ ᠰᠣᠶᠣᠯ ᠵᠤᠭᠠᠴᠠᠯ ᠤᠨ ᠦᠪᠡᠳᠡᠭᠰᠢ ᠨᠠᠶᠢᠷ ᠢ ᠡᠳ᠋ᠯᠡᠭᠦᠯᠵᠦ᠂ | ᠰᠣᠶᠣᠯ ᠵᠤᠭᠠᠴᠠᠯ ᠤᠨ ᠬᠡᠷᠡᠭᠯᠡᠭᠡ ᠶᠢᠨ ᠪᠦᠬᠦ ᠲᠠᠯ᠎ᠠ ᠪᠠᠷ ᠲᠡᠰ ᠳᠡᠪᠰᠢᠬᠦ ᠶᠢ ᠠᠬᠢᠭᠤᠯᠤᠭᠰᠠᠨ ᠪᠠᠶᠢᠨ᠎ᠠ᠃ | | ᠰᠡᠬᠦᠳᠡᠷ᠄ ᠵᠠᠩ ᠰᠢᠶᠤᠤ ᠫᠧᠩ | ᠤᠷᠴᠢᠭᠤᠯᠤᠭᠴᠢ᠄ ᠢᠷᠭᠤᠢ | ᠬᠢᠨᠠᠭᠴᠢ᠄ ᠠᠷᠢᠭᠤᠨ | | | | |