ᠵᠢᠨᠢᠩ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠬᠠᠪᠰᠤᠷᠤᠨ ᠭᠦᠢᠴᠡᠳᠭᠡᠭᠴᠢ ᠲᠠᠨ ᠤ ︽ᠪᠤᠬᠢᠨᠢᠳᠤᠯ ᠲᠠᠢ ᠶᠠᠪᠤᠳᠠᠯ︾ ᠢ ᠰᠢᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/10/24
    ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢ ᠤᠯᠠᠮ ᠴᠢᠨᠠᠭᠰᠢᠳᠠ ᠰᠢᠯᠤᠭᠤᠳᠬᠠᠨ ᠥᠷᠭᠡᠳᠬᠡᠬᠦ ᠶᠢᠨ ᠲᠥᠯᠥᠭᠡ᠂ ᠡᠨᠡ ᠵᠢᠯ ᠠᠴᠠ ᠨᠠᠰᠢ᠂ ᠵᠢᠨᠢᠩ ᠲᠣᠭᠤᠷᠢᠭ ᠤᠨ ᠬᠢᠨ ᠤᠯᠠᠨ ᠲᠦᠮᠡᠨ ᠤ ᠬᠡᠷᠡᠭᠴᠡᠭᠡ ᠪᠠᠷ ᠡᠭᠦᠰᠦᠯᠲᠡ ᠪᠣᠯᠭᠠᠵᠤ᠂ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠬᠠᠪᠰᠤᠷᠤᠨ ᠰᠢᠢᠳᠪᠦᠷᠢᠯᠡᠬᠦ ᠵᠢᠷᠤᠮᠵᠢᠭᠰᠠᠨ ᠥᠨᠳᠥᠷ ᠪᠦᠲᠦᠮᠵᠢᠲᠡᠢ ᠦᠢᠯᠡᠴᠢᠯᠡᠭᠡᠨ ᠤ ᠵᠠᠭᠪᠤᠷ ᠢ ᠡᠭᠦᠳᠴᠡᠢ᠃ ︽ᠨᠠᠶᠢᠳᠠᠬᠤ ︱ ᠭᠥᠯᠢᠶᠡᠨ ᠠᠪᠴᠤ ᠰᠢᠢᠳᠪᠦᠷᠢᠯᠡᠬᠦ ︱ ᠣᠷᠣᠯᠠᠨ ᠭᠦᠢᠴᠡᠳᠬᠡᠬᠦ ︱ ᠬᠠᠷᠢᠭᠤ ᠥᠭᠬᠦ ︱ ᠳᠡᠭᠡᠭᠰᠢ ᠮᠡᠳᠡᠭᠦᠯᠬᠦ ︱ ᠬᠠᠷᠢᠭᠤ ᠰᠤᠷᠪᠤᠯᠵᠢᠯᠠᠬᠤ︾ ᠠᠯᠢ ᠣᠯᠠᠨ ᠠᠵᠢᠯ ᠤᠨ ᠶᠠᠪᠤᠴᠠ ᠶᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠬᠦ᠂ ᠲᠦᠷᠭᠡᠨ ᠳᠠᠭᠠᠭᠠᠨ ᠠᠪᠴᠤ ᠰᠢᠢᠳᠪᠦᠷᠢᠯᠡᠬᠦ᠂ ᠴᠠᠭ ᠲᠤᠬᠠᠢ  ᠳᠤᠨᠢ ᠬᠠᠷᠢᠭᠤ ᠥᠭᠬᠦ ᠶᠢ ᠪᠡᠶᠡᠯᠡᠭᠦᠯᠵᠦ᠂ ᠣᠯᠠᠨ ᠲᠦᠮᠡᠨ ᠰᠡᠳᠬᠢᠯ ᠬᠠᠨᠤᠮᠵᠢᠲᠠᠶ ᠪᠠᠶᠢᠨ᠎ᠠ᠃ ᠨᠢᠭᠡ ᠰᠢᠶᠠᠩ ᠨᠢᠭᠡ ᠪᠠᠯᠭᠠᠰᠤ᠂ ᠨᠠᠢᠮᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠨᠡᠶᠢᠭᠡᠮ ᠲᠣᠭᠤᠷᠢᠭ ᠤᠨ ᠬᠡᠷᠡᠭ ᠡᠷᠬᠢᠯᠡᠬᠦ ᠶᠡᠭᠡ ᠲᠢᠩᠬᠢᠮ ᠳᠤ 115 ︽ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠬᠠᠪᠰᠤᠷᠤᠨ ᠰᠢᠢᠳᠪᠦᠷᠢᠯᠡᠬᠦ︾ ᠴᠣᠩᠬᠤᠪᠴᠢ ᠶᠢ ᠪᠠᠶᠢᠭᠤᠯᠵᠤ᠂ 466 ᠣᠷᠣᠯᠠᠨ ᠭᠦᠢᠴᠡᠳᠭᠡᠭᠴᠢ ᠲᠠᠢ ᠪᠠᠶᠢᠵᠤ᠂ ᠤᠯᠠᠨ ᠲᠦᠮᠡᠨ ᠬᠦᠰᠡᠯ ᠱᠠᠭᠠᠷᠳᠠᠯᠭ᠎ᠠ ᠪᠠᠨ ᠵᠥᠪᠬᠡᠨ ᠪᠠᠶᠢᠭ᠎ᠠ ᠬᠠᠷᠢᠶ᠎ᠠ ᠣᠷᠣᠨ ᠤ ᠪᠠᠨ ︽ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠬᠠᠪᠰᠤᠷᠤᠨ ᠰᠢᠢᠳᠪᠦᠷᠢᠯᠡᠬᠦ︾ ᠴᠣᠩᠬᠤᠪᠴᠢ ᠳᠤ ᠣᠴᠢᠵᠤ ᠲᠤᠰᠬᠠᠪᠠᠯ ᠪᠣᠯᠴᠢᠬᠠᠨ᠎ᠠ᠂ ᠵᠠᠯᠭᠠᠭᠠᠳ ᠣᠷᠣᠯᠠᠨ ᠭᠦᠢᠴᠡᠳᠭᠡᠭᠴᠢ ᠬᠠᠪᠰᠤᠷᠤᠨ ᠭᠦᠢᠴᠡᠳᠭᠡᠭᠴᠢ ᠠᠴᠠ ᠪᠦᠬᠦ ᠶᠠᠪᠤᠴᠠ ᠶᠢ ᠣᠷᠣᠯᠠᠨ ᠭᠦᠢᠴᠡᠳᠬᠡᠬᠦ ᠶᠢᠨ ᠬᠠᠮᠲᠤ ᠬᠠᠮᠤᠭ ᠰᠡᠭᠦᠯᠴᠢ ᠶᠢᠨ ᠣᠷᠣᠯᠠᠨ ᠭᠦᠢᠴᠡᠳᠬᠡᠭᠰᠡᠨ ᠦᠷ᠎ᠡ ᠳ᠋ᠦᠩ ᠢᠶᠠᠨ ᠲᠤᠬᠠᠢ ᠶᠢᠨ ᠬᠥᠮᠥᠨ ᠳᠤ ᠬᠠᠷᠢᠭᠤ ᠲᠤᠰᠬᠠᠵᠤ᠂ ᠤᠯᠠᠨ ᠲᠦᠮᠡᠨ ᠢ ᠦᠨᠡᠨᠬᠦ ︽ᠭᠡᠷ ᠤᠨ ᠡᠭᠦᠳᠡᠨ︾ ᠳᠤ ᠪᠠᠶᠢᠯᠭᠠᠪᠠᠯ ᠳᠠᠷᠤᠢ ᠥᠪᠡᠷ ᠤᠨ ︽ᠪᠤᠬᠢᠨᠢᠳᠤᠯ ᠲᠠᠢ ᠶᠠᠪᠤᠳᠠᠯ︾ ᠢᠶᠠᠨ ᠰᠢᠢᠳᠪᠦᠷᠢᠯᠡᠵᠦ ᠴᠢᠳᠠᠬᠤ ᠪᠣᠯᠭᠠᠨ᠎ᠠ᠃ ᠡᠭᠦᠨ ᠤ ᠬᠠᠮᠲᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠤᠴᠢᠷ ᠶᠠᠪᠤᠳᠠᠯ ᠤᠨ ᠬᠦᠴᠢᠷ ᠬᠢᠯᠪᠠᠷ ᠤᠨ ᠬᠡᠮᠵᠢᠶ᠎ᠡ ᠶᠢ ᠦᠨᠳᠦᠰᠦᠯᠡᠨ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠭᠦᠢᠴᠡᠳᠬᠡᠬᠦ ᠦᠶᠡᠯᠡᠯ ᠤᠨ ᠬᠤᠭᠤᠴᠠᠭ᠎ᠠ ᠶᠢ ᠠᠯᠢ ᠴᠢᠳᠠᠬᠤ ᠪᠠᠷ ᠪᠠᠭᠠᠰᠬᠠᠨ᠂ ᠤᠴᠢᠷ ᠶᠠᠪᠤᠳᠠᠯ ᠢ ᠤᠳᠠᠭᠠᠰᠢᠷᠠᠭᠤᠯᠤᠨ ᠰᠢᠢᠳᠪᠦᠷᠢᠯᠡᠬᠦ ᠦᠭᠡᠢ ᠪᠠᠶᠢᠬᠤ ᠶᠢ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ᠂ ᠪᠠᠰᠠ ︽ᠠᠩᠬ᠎ᠠ ᠤᠳᠠᠭ᠎ᠠ ᠬᠦᠯᠢᠶᠡᠨ ᠠᠪᠴᠤ ᠠᠩᠬ᠎ᠠ ᠤᠳᠠᠭ᠎ᠠ ᠰᠢᠢᠳᠪᠦᠷᠢᠯᠡᠬᠦ ᠬᠠᠷᠢᠭᠤᠴᠠᠯᠭ᠎ᠠ ᠶᠢᠨ ᠳᠦᠷᠢᠮ︾᠂ ︽ᠬᠠᠷᠢᠭᠤ ᠰᠤᠷᠪᠤᠯᠵᠢᠯᠠᠵᠤ ᠬᠢᠨᠠᠨ ᠬᠠᠷᠭᠤᠭᠤᠯᠬᠤ ᠳᠦᠷᠢᠮ︾᠂ ︽ᠬᠠᠨᠤᠮᠵᠢ ᠶᠢᠨ ᠬᠡᠮᠵᠢᠶ᠎ᠡ ᠶᠢ ᠦᠨᠡᠯᠡᠬᠦ ᠳᠦᠷᠢᠮ︾ ᠵᠡᠷᠭᠡ ᠪᠠᠷ ᠭᠤᠣᠯ ᠴᠣᠭᠴᠠ ᠪᠣᠯᠭᠠᠭᠰᠠᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠤᠨ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ ᠬᠦᠯᠢᠶᠡᠨ ᠠᠪᠴᠤ ᠰᠢᠢᠳᠪᠦᠷᠢᠯᠡᠬᠦ ᠠᠴᠠ ᠦᠨᠡᠯᠡᠯᠲᠡ ᠬᠢᠬᠦ ᠬᠦᠷᠲᠡᠯᠡᠬᠢ ᠬᠠᠷᠢᠭᠤᠴᠠᠯᠭ᠎ᠠ ᠶᠢᠨ ᠪᠢᠲᠡᠭᠦᠦ ᠴᠠᠭᠠᠷᠢᠭ ᠢ ᠪᠦᠷᠢᠯᠳᠦᠭᠦᠯᠵᠡᠢ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠨᠡᠶᠢᠲᠡ 301 ᠬᠤᠪᠢ ᠣᠷᠣᠯᠠᠨ ᠰᠢᠢᠳᠪᠦᠷᠢᠯᠡᠵᠦ᠂ 288 ᠬᠤᠪᠢ ᠶᠢ  ᠨᠢ ᠰᠢᠢᠳᠪᠦᠷᠢᠯᠡᠨ ᠳᠠᠭᠤᠰᠬᠠᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠶᠢ 100% ᠳᠤ ᠬᠦᠷᠭᠡᠵᠡᠢ᠃                             ᠤᠷᠴᠢᠭᠤᠯᠤᠭᠴᠢ᠄ ᠬᠦᠰᠡᠯ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2