ᠹᠧᠩᠵᠧᠨ ᠬᠤᠲᠠ 2023 ᠣᠨ ᠤ 1—9 ᠰᠠᠷ᠎ᠠ ᠳᠤ ︽ᠪᠦᠷᠢᠨ ᠴᠢᠳᠠᠮᠵᠢᠳᠦ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ 31986.39 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2023/10/24
    1—9 ᠰᠠᠷ᠎ᠠ ᠳᠤ᠂ ᠹᠧᠩᠵᠧᠨ ᠬᠤᠲᠠ ︽ᠪᠦᠷᠢᠨ ᠴᠢᠳᠠᠮᠵᠢᠳᠦ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠨᠡᠶᠢᠲᠡ 31986.39 ᠲᠦᠮᠡᠨ ᠲᠥᠭᠦᠷᠢᠭ ᠲᠠᠷᠬᠠᠭᠠᠵᠤ᠂ ᠨᠥᠬᠦᠪᠦᠷᠢ ᠪᠡᠯᠡ ᠮᠥᠩᠭᠦ ᠨᠢ 8 ᠬᠦᠷᠢᠶᠡᠨ ᠤ 37 ᠲᠥᠷᠥᠯ ᠤᠨ 43 ᠵᠦᠢᠯ ᠳᠤ ᠬᠤᠯᠪᠣᠭᠳᠠᠵᠤ᠂ ᠬᠤᠲᠠ ᠬᠥᠳᠡᠭᠡ ᠶᠢᠨ 125.7586 ᠲᠦᠮᠡᠨ ᠬᠥᠮᠥᠨ ︵ᠤᠳᠠᠭ᠎ᠠ︶ ᠳᠤ ᠠᠰᠢᠭ ᠬᠦᠷᠲᠡᠭᠡᠪᠡ᠃ ᠡᠭᠦᠨ ᠳᠤ᠄ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ ᠶᠢ 49.12 ᠲᠦᠮᠡᠨ ᠲᠥᠭᠦᠷᠢᠭ ᠲᠠᠷᠬᠠᠭᠠᠪᠡ︔ ᠲᠠᠷᠢᠶᠠᠯᠠᠩ ᠤᠨ ᠲᠥᠷᠥᠯ ᠤᠨ ᠨᠥᠬᠦᠪᠦᠷᠢ ᠶᠢᠨ ᠪᠡᠯᠡ ᠮᠥᠩᠭᠦ 5329.53 ᠲᠦᠮᠡᠨ ᠲᠥᠭᠦᠷᠢᠭ ᠲᠤ ᠬᠦᠷᠪᠡ︔ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠮᠥᠩᠭᠦ 25286.25 ᠲᠦᠮᠡᠨ ᠲᠥᠭᠦᠷᠢᠭ︔ ᠣᠶ ᠰᠢᠭᠤᠢ ᠶᠢᠨ ᠲᠥᠷᠥᠯ ᠤᠨ ᠨᠥᠬᠦᠪᠦᠷᠢ 115.11 ᠲᠦᠮᠡᠨ ᠲᠥᠭᠦᠷᠢᠭ︔ ᠴᠠᠯᠢᠩ ᠤᠨ ᠨᠥᠬᠦᠪᠦᠷᠢ ᠶᠢᠨ ᠲᠥᠷᠥᠯ 1180.53 ᠲᠦᠮᠡᠨ ᠲᠥᠭᠦᠷᠢᠭ︔ ᠲᠥᠯᠥᠪᠯᠡᠭᠡᠲᠦ ᠦᠷᠡᠵᠢᠯ ᠤᠨ ᠨᠥᠬᠦᠪᠦᠷᠢ ᠶᠢᠨ ᠲᠥᠷᠥᠯ 0.18 ᠲᠦᠮᠡᠨ ᠲᠥᠭᠦᠷᠢᠭ︔ ᠰᠤᠷᠭᠠᠨ ᠬᠥᠮᠦᠵᠢᠯ ᠤᠨ ᠲᠥᠷᠥᠯ ᠤᠨ ᠨᠥᠬᠦᠪᠦᠷᠢ 18.6 ᠲᠦᠮᠡᠨ ᠲᠥᠭᠦᠷᠢᠭ᠂ ᠮᠠᠯ ᠠᠵᠤ ᠠᠬᠤᠢ ᠶᠢᠨ ᠲᠥᠷᠥᠯ ᠤᠨ ᠨᠥᠬᠦᠪᠦᠷᠢ 7.07 ᠲᠦᠮᠡᠨ ᠲᠥᠭᠦᠷᠢᠭ ᠪᠣᠯᠣᠨ᠎ᠠ᠃                             ᠤᠷᠴᠢᠭᠤᠯᠤᠭᠴᠢ᠄ ᠬᠦᠰᠡᠯ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2