| | ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ﹇2023﹈ 35 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ | ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠤᠯᠠᠭᠠᠨᠴᠠᠪ ᠬᠤᠲᠠ ᠶᠢᠨ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠵᠠᠰᠠᠪᠤᠷᠢ ᠣᠷᠣᠭᠤᠯᠤᠭᠰᠠᠨ | ᠬᠡᠪᠯᠡᠯ︶︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 14 ᠳ᠋ᠤᠭᠡᠷ ᠤᠳᠠᠭ᠎ᠠ ᠶᠢᠨ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠬᠢᠨᠠᠮᠠᠭᠠᠢ ᠳᠤᠭᠤᠰᠢᠯᠠᠭᠤᠯᠤᠨ ᠬᠡᠷᠡᠭᠵᠢᠭᠦᠯᠲᠦᠭᠡᠢ᠃ | | 2023 ᠣᠨ ᠤ 7 ᠰᠠᠷ᠎ᠠ ᠶᠢᠨ 13 ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠤᠯᠠᠭᠠᠨᠴᠠᠪ ᠬᠤᠲᠠ ᠲᠣᠮᠣ ᠳ᠋ᠠᠶᠢᠲ᠋ᠠ ᠶᠢᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠶᠢ ᠠᠬᠢᠭᠤᠯᠬᠤ ᠠᠵᠤ | ᠦᠢᠯᠡᠰ ᠤᠨ ᠬᠥᠭᠵᠢᠯᠲᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠵᠠᠰᠠᠪᠤᠷᠢ ᠣᠷᠣᠭᠤᠯᠤᠭᠰᠠᠨ ᠬᠡᠪᠯᠡᠯ︶ | ᠮᠠᠨ ᠤ ᠬᠤᠲᠠ ᠶᠢᠨ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ | ᠦᠢᠯᠡᠰ ᠤᠨ ᠬᠥᠭᠵᠢᠯᠲᠡ ᠪᠠ ᠴᠢᠳᠠᠪᠤᠷᠢᠲᠠᠨ ᠤ ᠴᠤᠭᠯᠠᠷᠠᠯ ᠢ ᠲᠦᠷᠭᠡᠳᠬᠡᠵᠦ᠂ ᠮᠠᠨ ᠤ ᠬᠤᠲᠠ ᠶᠢᠨ ᠠᠵᠤ | ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠲᠣᠭᠲᠠᠭᠠᠪᠠ᠃ | | ᠨᠢᠭᠡ᠂ ᠲᠡᠳᠬᠦᠬᠦ ᠪᠡᠯᠡ ᠮᠥᠩᠭᠦ | ᠲᠡᠳᠬᠦᠨ ᠳᠡᠮᠵᠢᠬᠦ ᠪᠡᠯᠡ ᠮᠥᠩᠭᠦ ᠶᠢ ᠵᠢᠯ ᠪᠦᠷᠢ ᠬᠤᠳᠠ ᠶᠢᠨ ᠱᠠᠲᠤᠨ ᠤ ᠡᠳ᠋ ᠤᠨ ᠵᠠᠰᠠᠭ ᠠᠴᠠ ᠪᠠᠲᠤᠯᠠᠵᠤ᠂ | ᠭᠤᠣᠯᠳᠠᠭᠤ ᠳᠣᠣᠷᠠᠬᠢ ᠬᠡᠷᠡᠭᠴᠡᠭᠡ ᠳᠤ ᠬᠡᠷᠡᠭᠯᠡᠨ᠎ᠡ᠄ | 1. ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ ᠦᠢᠯᠡᠰ ᠤᠨ ᠱᠠᠩᠨᠠᠯ᠂ | ᠠᠵᠤ ᠦᠢᠯᠡᠰ ᠤᠨ ᠬᠦᠷᠢᠶᠡᠯᠡᠩ ᠲᠣᠭᠤᠷᠢᠭ᠂ ᠲᠠᠪᠴᠠᠩ᠂ ᠴᠢᠳᠠᠪᠤᠷᠢᠲᠠᠨ ᠤ ᠲᠤᠯᠭᠠᠭᠤᠷᠢᠯᠠᠬᠤ ᠰᠢᠰᠲ᠋ᠧᠮᠵᠢ ᠶᠢᠨ | ᠪᠠᠶᠢᠭᠤᠯᠤᠯᠲᠠ᠂ ᠰᠤᠯᠠ ᠠᠵᠢᠯ ᠤᠨ ᠲᠠᠯᠠᠪᠤᠷ ᠤᠨ ᠳᠤᠯᠠᠭᠠᠯᠠᠭ᠎ᠠ ᠵᠡᠷᠭᠡ᠃ | 2. ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠡᠷᠭᠢᠯᠲᠡ ᠶᠢᠨ ᠺᠣᠮᠫᠢᠦ᠋ᠲ᠋ᠧᠷ ᠪᠠ | ᠠᠯᠪᠠᠯᠠᠬᠤ ᠳᠦᠬᠦᠬᠡᠷᠦᠮᠵᠢ ᠶᠢ ᠬᠤᠳᠠᠯᠳᠤᠨ ᠠᠪᠬᠤ᠃ ᠠᠵᠢᠯᠲᠠᠨ ᠤ ᠬᠡᠪᠴᠢᠶ᠎ᠡ ᠨᠢ 200 ᠬᠥᠮᠥᠨ ᠠᠴᠠ ᠳᠡᠭᠡᠭᠰᠢ | ᠪᠤᠶᠤ ᠭᠤᠣᠯ ᠡᠵᠡᠩᠨᠡᠯᠲᠡ ᠶᠢᠨ ᠣᠷᠣᠯᠭ᠎ᠠ ᠨᠢ 3000 ᠲᠦᠮᠡᠨ ᠲᠥᠭᠦᠷᠢᠭ ᠠᠴᠠ ᠳᠡᠭᠡᠭᠰᠢ ᠲᠣᠮᠣ ᠳ᠋ᠠᠶᠢᠲ᠋ᠠ ᠶᠢᠨ | ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ ᠨᠢ ᠤᠷᠢᠳᠠᠪᠠᠷ ᠭᠤᠶᠤᠴᠢᠯᠠᠵᠤ ᠪᠣᠯᠣᠨ᠎ᠠ᠂ | ᠠᠵᠤ ᠠᠬᠤᠶᠢᠯᠠᠯ ᠨᠢᠭᠡᠪᠦᠷᠢ ᠨᠢ ᠬᠠᠮᠤᠭ ᠤᠨ ᠥᠨᠳᠥᠷ ᠲᠡᠭᠡᠨ 200 ᠰᠠᠭᠤᠷᠢ ᠠᠴᠠ ᠬᠡᠲᠦᠷᠡᠵᠦ ᠪᠣᠯᠬᠤ ᠦᠭᠡᠢ᠃ | 3. ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠰᠠᠭᠤᠷᠢᠨ ᠭᠠᠵᠠᠷ ᠤᠨ | ᠠᠵᠢᠯ ᠤᠨ ᠲᠠᠯᠠᠪᠤᠷ ᠤᠨ ᠠᠳᠠᠯ ᠠᠬᠤᠢ ᠶᠢᠨ ᠵᠠᠷᠤᠳᠠᠯ ᠤᠨ ᠨᠥᠬᠦᠪᠦᠷᠢ᠃ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ | ᠭᠠᠳᠠᠭᠰᠢ ᠳᠠᠭᠠᠭᠠᠴᠢᠯᠠᠭᠤᠯᠬᠤ ᠰᠠᠭᠤᠷᠢᠨ ᠭᠠᠵᠠᠷ ᠲᠤ ᠣᠷᠣᠵᠤ ᠰᠠᠭᠤᠭᠰᠠᠨ ᠲᠣᠮᠣ ᠳ᠋ᠠᠶᠢᠲ᠋ᠠ ᠶᠢᠨ | ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ ᠳᠤ ᠰᠠᠷ᠎ᠠ ᠪᠦᠷᠢ ᠲᠡᠭᠰᠢ ᠳᠥᠷᠪᠡᠯᠵᠢᠨ ᠮᠧᠲᠷ | ᠪᠦᠷᠢ ᠳᠤ 1 ᠲᠥᠭᠦᠷᠢᠭ ᠤᠨ ᠠᠳᠠᠯ ᠠᠬᠤᠢ ᠶᠢᠨ ᠵᠠᠷᠤᠳᠠᠯ ᠤᠨ ᠨᠥᠬᠦᠪᠦᠷᠢ ᠶᠢ ᠭᠥᠷᠳᠡᠵᠦ ᠪᠣᠯᠣᠨ᠎ᠠ᠂ ᠨᠥᠬᠦᠪᠦᠷᠢ | ᠥᠭᠬᠦ ᠵᠢᠯ ᠬᠤᠭᠤᠴᠠᠭ᠎ᠠ ᠶᠢ 5 ᠵᠢᠯ ᠠᠴᠠ ᠬᠡᠲᠦᠷᠡᠭᠦᠯᠬᠦ ᠦᠭᠡᠢ᠃ | ᠬᠤᠶᠠᠷ᠂ ᠭᠡᠷ ᠪᠠᠶᠢᠰᠢᠩ ᠬᠡᠷᠡᠭᠯᠡᠬᠦ ᠶᠢ ᠱᠠᠩᠨᠠᠨ ᠬᠥᠬᠢᠭᠦᠯᠬᠦ | 4. ᠮᠠᠨ ᠤ ᠬᠤᠲᠠ ᠳᠤ ᠣᠷᠣᠵᠤ ᠰᠠᠭᠤᠭᠰᠠᠨ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ | ᠳᠠᠭᠠᠭᠠᠴᠢᠯᠠᠭᠤᠯᠬᠤ ᠠᠵᠤ ᠠᠬᠤᠶᠢᠯᠠᠯ ᠳᠤ᠂ ᠵᠠᠰᠠᠭ ᠤᠨ ᠣᠷᠳᠣᠨ ᠠᠴᠠ ᠠᠯᠪᠠᠨ ᠭᠡᠷ᠂ ᠲᠤᠬᠠᠶᠢᠯᠠᠭᠰᠠᠨ ᠠᠵᠢᠯ ᠳᠤ | ᠬᠡᠷᠡᠭᠯᠡᠬᠦ ᠭᠡᠷ ᠪᠣᠯᠣᠨ ᠠᠵᠢᠯᠲᠠᠨ ᠤ ᠪᠠᠶᠢᠷᠢ ᠬᠠᠩᠭᠠᠬᠤ ᠶᠢᠨ ᠬᠠᠮᠲᠤ᠂ ᠲᠦᠷᠢᠶᠡᠰᠦᠨ ᠮᠥᠩᠭᠦ ᠶᠢᠨ ︵ᠣᠷᠣᠵᠤ | ᠰᠠᠭᠤᠭᠰᠠᠨ ᠨᠢᠭᠡᠳᠦᠭᠡᠷ ᠵᠢᠯ ᠠᠴᠠ ᠭᠤᠷᠪᠠᠳᠤᠭᠠᠷ ᠵᠢᠯ ᠤᠨ ᠲᠦᠷᠢᠶᠡᠰᠦᠨ ᠮᠥᠩᠭᠦ ᠶᠢ ᠪᠦᠬᠦᠨ ᠢ ᠬᠡᠯᠲᠦᠷᠢᠭᠦᠯᠵᠦ᠂ | ᠳᠥᠷᠪᠡᠳᠦᠭᠡᠷ ᠵᠢᠯ ᠠᠴᠠ ᠵᠢᠷᠭᠤᠳᠤᠭᠠᠷ ᠵᠢᠯ ᠤᠨ ᠲᠦᠷᠢᠶᠡᠰᠦᠨ ᠮᠥᠩᠭᠦ ᠶᠢ ᠬᠠᠭᠠᠰ ᠢᠶᠠᠷ ᠬᠠᠰᠤᠨ᠎ᠠ︶ ᠬᠠᠷᠠᠭᠠᠯᠵᠠᠯ | ᠦᠵᠡᠭᠦᠯᠦᠨ᠎ᠡ᠃ ᠵᠥᠪᠬᠡᠨ ᠪᠥᠬᠦ ᠬᠤᠲᠠ ᠶᠢᠨ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ | ᠳᠠᠭᠠᠭᠠᠴᠢᠯᠠᠭᠤᠯᠬᠤ ᠰᠠᠭᠤᠳᠠᠯ ᠤᠨ ᠪᠥᠬᠦ ᠲᠤᠭ᠎ᠠ ᠶᠢ ᠲᠦᠮᠡᠨ ᠰᠠᠭᠤᠳᠠᠯ ᠠᠴᠠ ᠬᠡᠲᠦᠷᠡᠭᠦᠯᠬᠦ ᠦᠭᠡᠢ ᠦᠶ᠎ᠡ ᠳᠤ | ᠬᠠᠩᠭᠠᠨ᠎ᠠ᠃ | ᠭᠤᠷᠪᠠ᠂ ᠡᠵᠡᠩᠨᠡᠯᠲᠡ ᠶᠢᠨ ᠱᠠᠩᠨᠠᠯ | 5. ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ 36 ᠰᠠᠷ᠎ᠠ | ᠳᠠᠷᠠᠭᠠᠯᠠᠨ 500 ︵ᠪᠠᠭᠲᠠᠨ᠎ᠠ︶ ᠠᠴᠠ ᠳᠡᠭᠡᠭᠰᠢ ᠰᠠᠭᠤᠳᠠᠯ ᠳᠤ ᠰᠠᠭᠤᠵᠤ᠂ ᠬᠤᠲᠠ ᠶᠢᠨ ᠱᠠᠲᠤᠨ ᠤ ᠡᠳ᠋ ᠤᠨ | ᠵᠠᠰᠠᠭ ᠠᠴᠠ ᠰᠠᠭᠤᠳᠠᠯ ᠳᠤ ᠰᠠᠭᠤᠬᠤ ᠨᠢᠭᠡᠪᠦᠷᠢ ᠪᠠᠷ ᠨᠢᠭᠡ ᠤᠳᠠᠭ᠎ᠠ ᠶᠢᠨ ᠴᠢᠨᠠᠷᠲᠠᠢ ᠪᠠᠷ 500 ᠲᠥᠭᠦᠷᠢᠭ ᠤᠨ | ᠱᠠᠩᠨᠠᠯ ᠣᠯᠭᠤᠨ᠎ᠠ᠃ ᠠᠵᠤ ᠠᠬᠤᠶᠢᠯᠠᠯ ᠨᠢᠭᠡᠪᠦᠷᠢ ᠶᠢᠨ ᠬᠠᠮᠤᠭ ᠤᠨ ᠥᠨᠳᠥᠷ ᠱᠠᠩᠨᠠᠯ ᠢ 100 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ᠃ | 6. ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ ᠤᠨ ᠵᠢᠯ ᠤᠨ | ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1000 ᠲᠦᠮᠡᠨ ᠲᠥᠭᠦᠷᠢᠭ ︵ᠪᠠᠭᠲᠠᠨ᠎ᠠ︶ | ᠠᠴᠠ ᠳᠡᠭᠡᠭᠰᠢ ᠳᠤ ᠭᠦᠷᠪᠡᠯ᠂ ᠭᠤᠣᠯ ᠡᠵᠡᠩᠨᠡᠯᠲᠡ ᠶᠢᠨ ᠣᠷᠣᠯᠭ᠎ᠠ ᠶᠢᠨ 1% ᠪᠠᠷ ᠱᠠᠩᠨᠠᠨ ᠬᠥᠬᠢᠭᠦᠯᠵᠦ᠂ ᠠᠵᠤ | ᠠᠬᠤᠶᠢᠯᠠᠯ ᠨᠢᠭᠡᠪᠦᠷᠢ ᠶᠢᠨ ᠵᠢᠯ ᠪᠦᠷᠢ ᠶᠢᠨ ᠬᠠᠮᠤᠭ ᠤᠨ ᠥᠨᠳᠥᠷ ᠱᠠᠩᠨᠠᠯ ᠢ 100 ᠲᠦᠮᠡᠨ ᠲᠥᠭᠦᠷᠢᠭ ᠠᠴᠠ | ᠳᠠᠪᠠᠭᠤᠯᠬᠤ ᠦᠭᠡᠢ᠃ | ᠳᠥᠷᠪᠡ᠂ ᠴᠢᠳᠠᠪᠤᠷᠢᠲᠠᠨ ᠢ ᠱᠠᠩᠨᠠᠨ ᠬᠥᠬᠢᠭᠦᠯᠬᠦ | 7. ᠮᠠᠨ ᠤ ᠬᠤᠲᠠ ᠶᠢᠨ ᠳᠤᠮᠳᠠ ︵ᠳᠡᠭᠡᠳᠦ︶ ᠲᠠᠰ ᠤᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ | ᠰᠤᠷᠭᠠᠭᠤᠯᠢ ᠨᠤᠭᠤᠳ ᠲᠣᠮᠣ ᠳ᠋ᠠᠶᠢᠲ᠋ᠠ ᠶᠢᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠬᠠᠮᠢᠶ᠎ᠠ ᠪᠦᠬᠦᠢ | ᠲᠤᠰᠬᠠᠢ ᠮᠡᠷᠭᠡᠵᠢᠯ ᠢ ᠨᠡᠭᠡᠭᠡᠵᠦ᠂ ᠮᠠᠭᠠᠳᠯᠠᠨ ᠲᠣᠭᠲᠠᠭᠠᠭᠰᠠᠨ ᠢᠶᠠᠷ᠂ ᠰᠣᠷᠣᠭᠴᠢ ᠡᠯᠰᠡᠬᠦ ᠪᠦᠷᠢ ᠳᠤ 60 | ᠰᠣᠷᠣᠭᠴᠢ ᠶᠢᠨ ᠬᠠᠷᠢᠶ᠎ᠠ ᠲᠠᠢ ᠪᠣᠯ ᠰᠣᠷᠭᠠᠭᠤᠯᠢ ᠶᠢ 10 ᠲᠦᠮᠡᠨ ᠲᠥᠭᠦᠷᠢᠭ ᠤᠨ ᠱᠠᠩᠨᠠᠯ ᠢᠶᠠᠷ ᠱᠠᠩᠨᠠᠨ᠎ᠠ᠂ ᠡᠨᠡ | ᠮᠡᠲᠦ ᠪᠠᠷ ᠦᠯᠢᠭᠡᠷᠯᠡᠨ ᠪᠤᠳᠤᠨ᠎ᠠ᠃ | 8. ᠳᠡᠭᠡᠳᠦ ᠰᠤᠷᠭᠠᠭᠤᠯᠢ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠬᠥᠮᠥᠨ ᠤ ᠬᠦᠴᠦᠨ ᠤ ᠡᠬᠢ | ᠪᠠᠶᠠᠯᠢᠭ ᠤᠨ ᠺᠣᠮᠫᠠᠨᠢ ᠵᠡᠷᠭᠡ ᠪᠠᠶᠢᠭᠤᠯᠤᠮᠵᠢ ᠶᠢᠨ ᠮᠠᠨ ᠤ ᠬᠤᠲᠠ ᠳᠤ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ | ᠭᠠᠳᠠᠭᠰᠢ ᠳᠠᠭᠠᠭᠠᠴᠢᠯᠠᠭᠤᠯᠬᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ ᠵᠣᠷᠢᠭᠵᠢᠭᠤᠯᠵᠤ | ᠂ ᠵᠢᠯ ᠪᠦᠷᠢ 200 ᠬᠥᠮᠥᠨ ︵ᠪᠠᠭᠲᠠᠨ᠎ᠠ︶ ᠠᠴᠠ ᠳᠡᠭᠡᠭᠰᠢᠬᠢ ᠮᠠᠨ ᠤ ᠬᠤᠲᠠ ᠶᠢᠨ ᠲᠣᠮᠣ ᠳ᠋ᠠᠶᠢᠲ᠋ᠠ ᠶᠢᠨ | ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠠᠵᠢᠯ | ᠣᠯᠭᠤᠬᠤ ᠶᠢᠨ ᠬᠠᠮᠲᠤ ᠬᠠᠭᠠᠰ ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠵᠤ᠂ ᠬᠤᠲᠠ ᠶᠢᠨ | ᠱᠠᠲᠤᠨ ᠤ ᠡᠳ᠋ ᠤᠨ ᠵᠠᠰᠠᠭ ᠠᠴᠠ ᠨᠢᠭᠡ ᠬᠥᠮᠥᠨ ᠣᠷᠣᠭᠤᠯᠤᠨ ᠠᠪᠴᠢᠷᠠᠬᠤ ᠪᠦᠷᠢ ᠪᠠᠷ ᠨᠢᠭᠡ ᠤᠳᠠᠭ᠎ᠠ ᠶᠢᠨ | ᠴᠢᠨᠠᠷᠲᠠᠢ ᠪᠠᠷ 500 ᠲᠥᠭᠦᠷᠢᠭ ᠤᠨ ᠱᠠᠩᠨᠠᠯ ᠣᠯᠭᠤᠨ᠎ᠠ᠃ ᠬᠠᠭᠠᠰ ᠵᠢᠯ ᠤᠨ ᠳᠣᠲᠣᠷ᠎ᠠ ᠭᠡᠷ᠎ᠡ ᠶᠢ ᠴᠤᠴᠠᠯᠤᠭᠰᠠᠨ | ᠪᠠᠶᠢᠪᠠᠯ ᠱᠠᠩᠨᠠᠵᠤ ᠬᠥᠬᠢᠭᠦᠯᠬᠦ ᠦᠬᠡᠢ᠃ | 9. ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ ᠤᠨ ᠳᠡᠭᠡᠳᠦ | ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠦᠷ᠎ᠡ ᠬᠡᠦᠬᠡᠳ ᠨᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠳᠤ ᠰᠤᠷᠭᠠᠭᠤᠯᠢ ᠳᠤ ᠣᠷᠣᠬᠤ ᠳᠤ ᠤᠯᠠᠭᠠᠨᠴᠠᠪ ᠬᠤᠲᠠ ᠶᠢᠨ ᠳᠡᠭᠡᠳᠦ ᠲᠠᠰ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠠᠳᠠᠯᠢ ᠲᠠᠰ ᠤᠨ ᠲᠥᠷᠥ ᠶᠢᠨ ᠪᠣᠳᠣᠯᠭ᠎ᠠ ᠶᠢ ᠡᠳ᠋ᠯᠡᠨ᠎ᠡ᠃ | 10. ᠳᠤᠮᠳᠠ ︵ᠳᠡᠭᠡᠳᠦ︶ ᠲᠠᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠳᠡᠭᠡᠳᠦ | ᠰᠤᠷᠭᠠᠭᠤᠯᠢ ᠨᠤᠭᠤᠳ ᠰᠤᠷᠤᠭᠴᠢᠳ ᠢ ᠵᠣᠬᠢᠶᠠᠨ ᠪᠠᠶᠢᠭᠤᠯᠤᠨ ᠮᠠᠨ ᠤ ᠬᠤᠲᠠ ᠶᠢᠨ ᠲᠣᠮᠣ ᠳ᠋ᠠᠶᠢᠲ᠋ᠠ ᠶᠢᠨ | ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ ᠳᠤ ᠣᠴᠢᠭᠤᠯᠵᠤ ᠠᠵᠢᠯ ᠤᠨ ᠪᠠᠶᠢᠷᠢ ᠣᠷᠣᠯᠠᠨ | ᠳᠠᠳᠤᠯᠭ᠎ᠠ ᠬᠢᠯᠭᠡᠬᠦ ᠶᠢ ᠵᠣᠷᠢᠭᠵᠢᠭᠤᠯᠵᠤ᠂ ᠳᠡᠭᠡᠳᠦ ᠰᠤᠷᠭᠠᠭᠤᠯᠢ ᠨᠢᠭᠡᠪᠦᠷᠢ ᠨᠢ ᠵᠢᠯ ᠪᠦᠷᠢ 200 ᠬᠥᠮᠥᠨ ︵ | ᠪᠠᠭᠲᠠᠨ᠎ᠠ︶ ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠬᠤᠲᠠ ᠶᠢᠨ ᠱᠠᠲᠤᠨ ᠤ ᠡᠳ᠋ ᠤᠨ ᠵᠠᠰᠠᠭ ᠠᠴᠠ 3 | ᠰᠠᠷ᠎ᠠ ᠶᠢᠨ ᠠᠮᠢᠳᠤᠷᠠᠯ ᠤᠨ ᠨᠥᠬᠦᠪᠦᠷᠢ ᠣᠯᠭᠤᠵᠤ᠂ ᠰᠠᠷ᠎ᠠ ᠪᠦᠷᠢ ᠬᠥᠮᠥᠨ ᠪᠦᠷᠢ ᠳᠤ 200 ᠲᠥᠭᠦᠷᠢᠭ ᠤᠨ | ᠨᠥᠬᠦᠪᠦᠷᠢ ᠥᠭᠭᠦᠨ᠎ᠡ᠃ | ᠮᠠᠨ ᠤ ᠬᠤᠲᠠ ᠶᠢᠨ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠰᠠᠭᠤᠷᠢᠨ | ᠭᠠᠵᠠᠷ ᠲᠤ ᠣᠷᠣᠵᠤ ᠰᠠᠭᠤᠭᠰᠠᠨ ᠠᠵᠤ ᠠᠬᠤᠶᠢᠯᠠᠯ ᠤᠳ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠭᠥᠷᠳᠡᠵᠦ ᠪᠣᠯᠣᠨ᠎ᠠ᠂ ᠬᠡᠷᠪᠡ ᠣᠲᠣ ᠶᠢᠨ ᠬᠡᠷᠡᠭᠵᠢᠭᠦᠯᠵᠦ ᠪᠠᠶᠢᠭ᠎ᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠯᠤᠭ᠎ᠠ | ᠰᠣᠯᠪᠢᠴᠠᠵᠤ ᠪᠠᠶᠢᠪᠠᠯ᠂ ᠠᠵᠤ ᠠᠬᠤᠶᠢᠯᠠᠯ ᠤᠨ ᠡᠵᠡᠨ ᠮᠡᠳᠡᠵᠦ ᠰᠣᠩᠭᠤᠬᠤ᠂ ᠳᠠᠪᠬᠤᠷᠳᠠᠭᠤᠯᠤᠨ ᠭᠥᠷᠳᠡᠬᠦ ᠦᠭᠡᠢ | ᠪᠠᠶᠢᠬᠤ ᠵᠠᠷᠴᠢᠮ ᠶᠣᠰᠣᠭᠠᠷ ᠬᠡᠷᠡᠭᠵᠢᠭᠦᠯᠦᠨ᠎ᠡ᠃ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ | ᠡᠳᠦᠷ ᠠᠴᠠ ᠡᠬᠢᠯᠡᠨ ᠬᠡᠷᠡᠭᠵᠢᠭᠦᠯᠦᠨ᠎ᠡ᠂ 5 ᠵᠢᠯ ᠤᠨ ᠬᠦᠴᠦᠨ ᠲᠠᠢ ᠬᠤᠭᠤᠴᠠᠭ᠎ᠠ ᠶᠢ ᠤᠯᠠᠭᠠᠨᠴᠠᠪ ᠬᠤᠲᠠ ᠶᠢᠨ | ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |