︽ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠵᠥᠪ ᠲᠠᠯ᠎ᠠ ᠶᠢᠨ ᠨᠠᠷᠢᠨ ᠲᠠᠩᠰᠠ ︵2023 ᠣᠨ ᠤ ᠬᠡᠪᠯᠡᠯ︶︾ ︽ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠪᠠᠶᠢᠩᠭᠤ ᠲᠣᠬᠢᠶᠠᠯᠳᠤᠳᠠᠭ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠲᠣᠳᠣᠷᠬᠠᠢ ᠬᠠᠭᠤᠳᠠᠰᠤ ︵2023 ᠣᠨ ᠤ ᠬᠡᠪᠯᠡᠯ︶︾ ᠶᠢ ᠳᠠᠷᠤᠮᠠᠯᠯᠠᠨ ᠲᠠᠷᠬᠠᠭᠠᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠶᠢᠨ ᠮᠡᠳᠡᠭᠳᠡᠯ
ᠨᠡᠶᠢᠲᠡᠯᠡᠭᠰᠡᠨ ᠴᠠᠭ᠄
2023/10/24
                      ᠤᠯᠠᠭᠠᠨᠴᠠᠪ ᠵᠠᠰᠠᠭ ᠠᠯᠪᠠᠨ ᠥᠰᠥᠭ ﹇2023﹈ 19 ᠳ᠋ᠤᠭᠡᠷ ᠲᠣᠭᠠᠲᠤᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄     ᠨᠡᠭᠡᠭᠡᠯᠲᠡ ᠲᠠᠢ ᠡᠮᠬᠢ ᠳᠢᠭᠯᠢᠮ ᠲᠠᠢ᠂ ᠡᠷᠬᠡ ᠲᠡᠭᠰᠢ ᠪᠠᠷ ᠥᠷᠢᠰᠦᠯᠳᠦᠬᠦ ᠵᠠᠰᠠᠭ ᠤᠨ ᠣᠷᠳᠣᠨ ᠤ ᠬᠤᠳᠠᠯᠳᠤᠨ ᠠᠪᠬᠤ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠤᠶ ᠪᠣᠯᠭᠠᠬᠤ ᠶᠢᠨ ᠲᠦᠯᠦᠬᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠪᠠᠶᠢᠩᠭᠤ ᠲᠣᠬᠢᠶᠠᠯᠳᠤᠳᠠᠭ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠨᠠᠷᠢᠨ ᠲᠠᠩᠰᠠ︾ ᠶᠢ ᠦᠨᠳᠦᠰᠦᠯᠡᠨ᠂ ᠮᠠᠨ ᠤ ᠬᠤᠲᠠ ᠵᠠᠰᠠᠭ ᠤᠨ ᠣᠷᠳᠣᠨ ᠤ ᠬᠤᠳᠠᠯᠳᠤᠨ ᠠᠪᠬᠤ ᠵᠥᠪ ᠲᠠᠯ᠎ᠠ ᠶᠢᠨ ᠨᠠᠷᠢᠨ ᠲᠠᠩᠰᠠ᠂ ᠪᠠᠶᠢᠩᠭᠤ ᠲᠣᠬᠢᠶᠠᠯᠳᠤᠳᠠᠭ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠨᠠᠷᠢᠨ ᠲᠠᠩᠰᠠ ︵ᠳᠣᠷᠣᠭᠰᠢ ︽ᠬᠤᠶᠠᠷ ᠨᠠᠷᠢᠨ ᠲᠠᠩᠰᠠ︾ ᠭᠡᠵᠦ ᠲᠣᠪᠴᠢᠯᠠᠨ᠎ᠠ︶ ᠶᠢ ᠪᠠᠶᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠢᠯᠡ ᠲᠣᠳᠣ ᠶᠢᠨ ᠬᠡᠮᠵᠢᠶ᠎ᠡ ᠪᠠ ᠬᠡᠷᠡᠭᠯᠡᠬᠦ ᠳᠤ ᠲᠥᠬᠦᠮ ᠴᠢᠨᠠᠷ ᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠡᠷᠬᠡ ᠰᠦᠷᠲᠦ ᠴᠢᠨᠠᠷ ᠢ ᠬᠠᠮᠠᠭᠠᠯᠠᠬᠤ ᠶᠢᠨ ᠲᠥᠯᠥᠭᠡ ᠶᠤᠮ᠃ ︽ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠵᠥᠪ ᠲᠠᠯ᠎ᠠ ᠶᠢᠨ ᠨᠠᠷᠢᠨ ᠲᠠᠩᠰᠠ ︵2023 ᠣᠨ ᠤ ᠬᠡᠪᠯᠡᠯ︶︾ ︽ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠶᠢᠩᠭᠤ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠨᠠᠷᠢᠨ ᠲᠠᠩᠰᠠ ︵2023 ᠣᠨ ᠤ ᠬᠡᠪᠯᠡᠯ︶︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠠᠭᠠᠨ ᠴᠢᠩᠭ᠎ᠠ ᠬᠠᠷᠢᠴᠠᠭᠤᠯᠤᠨ ᠬᠡᠷᠡᠭᠵᠢᠭᠦᠯᠬᠦ ᠶᠢᠨ ᠬᠠᠮᠲᠤ ᠳᠣᠣᠷᠠᠬᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠲᠤᠭᠠᠢ᠄     ᠨᠢᠭᠡ᠂ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠤᠶᠠᠷ ᠨᠠᠷᠢᠨ ᠳᠠᠩᠰᠠ ᠵᠠᠰᠠᠭ ᠤᠨ ᠤᠷᠳᠤᠨ ᠤ ᠬᠤᠳᠠᠯᠳᠤᠨ ᠠᠪᠬᠤ ᠡᠯ᠎ᠡ ᠳᠠᠯ᠎ᠠ ᠶᠢᠨ ᠳᠤᠬᠠᠢ ᠶᠢᠨ ᠬᠦᠮᠦᠨ ᠢ ᠳᠤᠳᠤᠷᠬᠠᠢ ᠳᠤᠭᠳᠠᠭᠠᠪᠠ᠃ ᠡᠬᠦᠨ ᠳᠤ ᠬᠤᠳᠠᠯᠳᠤᠨ ᠠᠪᠤᠭᠴᠢ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠩᠭᠠᠯᠭ᠎ᠠ ᠶᠢᠨ ᠬᠤᠳᠠᠯᠳᠤᠭᠠᠴᠢᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠵᠠᠰᠠᠭ ᠤᠨ ᠣᠷᠳᠣᠨ ᠤ ᠬᠤᠳᠠᠯᠳᠤᠨ ᠠᠪᠬᠤ ᠡᠯ᠎ᠡ ᠲᠠᠯ᠎ᠠ ᠶᠢᠨ ᠲᠤᠬᠠᠢ ᠶᠢᠨ ᠬᠥᠮᠥᠨ ᠤ ᠡᠷᠬᠡ ᠪᠠ ᠡᠭᠦᠷᠭᠡ ᠶᠢ ᠪᠠᠭᠲᠠᠭᠠᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠡᠯ᠎ᠡ ᠵᠦᠢᠯ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠡᠷᠬᠡ ᠲᠡᠭᠰᠢ ᠪᠠᠷ ᠥᠷᠢᠰᠦᠯᠳᠦᠬᠦ᠂ ᠦᠨᠡᠨᠴᠢ ᠢᠲᠡᠭᠡᠮᠵᠢᠲᠡᠢ᠂ ᠵᠢᠷᠤᠮᠵᠢᠯ ᠲᠠᠢ ᠠᠵᠢᠯ ᠡᠷᠭᠢᠯᠡᠬᠦ᠂ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠬᠤ ᠬᠡᠷᠡᠭᠲᠡᠢ᠃     ᠬᠤᠶᠠᠷ᠂ ᠵᠥᠪ ᠴᠢᠭᠯᠡᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠬᠡᠷᠡᠭᠵᠢᠭᠦᠯᠦᠨ᠎ᠡ᠃ ᠵᠥᠪ ᠲᠠᠯ᠎ᠠ ᠶᠢᠨ ᠨᠠᠷᠢᠨ ᠳᠠᠩᠰᠠ ᠨᠢ ᠨᠠᠢᠮᠠᠨ ᠲᠠᠯ᠎ᠠ ᠶᠢᠨ 12 ᠵᠦᠢᠯ ᠤᠨ ᠵᠥᠪ ᠲᠠᠯ᠎ᠠ ᠶᠢᠨ ᠤᠴᠢᠷ ᠶᠠᠪᠤᠳᠠᠯ ᠢᠶᠠᠷ ᠪᠦᠷᠢᠯᠳᠦᠵᠦ᠂ ᠬᠤᠳᠠᠯᠳᠤᠨ ᠠᠪᠤᠭᠴᠢ ᠵᠢᠴᠢ ᠲᠡᠭᠦᠨ ᠤ ᠨᠠᠶᠢᠳᠠᠭᠰᠠᠨ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠡᠭᠡᠨ ᠵᠥᠪ ᠲᠠᠯ᠎ᠠ ᠶᠢᠨ ᠨᠠᠷᠢᠨ ᠲᠠᠩᠰᠠ ᠲᠠᠢ ᠬᠢᠨᠠᠮᠠᠭᠠᠢ ᠬᠠᠷᠢᠴᠠᠭᠤᠯᠵᠤ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠡᠷᠡᠭᠵᠢᠭᠦᠯᠬᠦ ᠳᠦᠷᠢᠮ︾ ᠪᠣᠯᠣᠨ ᠵᠠᠰᠠᠭ ᠤᠨ ᠣᠷᠳᠣᠨ ᠤ ᠬᠤᠳᠠᠯᠳᠤᠨ ᠠᠪᠬᠤ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠳᠠᠭᠠᠭᠠᠴᠢᠯᠠᠯᠲᠠ ᠵᠠᠷᠯᠠᠯᠳᠠ ᠪᠤᠰᠤ ᠬᠤᠳᠠᠯᠳᠤᠨ ᠠᠪᠬᠤ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃     ᠭᠤᠷᠪᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠤᠯᠠᠭᠠᠨ ᠱᠤᠭᠤᠮ ᠳᠤ ᠶᠠᠭᠠᠬᠢᠭᠰᠠᠨ ᠴᠤ ᠭᠠᠷ ᠬᠦᠷᠴᠦ ᠪᠣᠯᠬᠤ ᠦᠭᠡᠢ᠃ ᠪᠠᠶᠢᠩᠭᠤ ᠲᠣᠬᠢᠶᠠᠯᠳᠤᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢᠨ ᠨᠠᠷᠢᠨ ᠳᠠᠩᠰᠠᠨ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠳᠣᠯᠣᠭᠠᠨ ᠲᠠᠯ᠎ᠠ ᠶᠢᠨ 36 ᠵᠦᠢᠯ ᠤᠨ ᠴᠠᠭᠠᠵᠠᠯᠠᠬᠤ ᠵᠦᠢᠯ ᠢ ᠲᠣᠭᠲᠠᠭᠠᠵᠠᠢ᠂ ᠬᠤᠳᠠᠯᠳᠤᠨ ᠠᠪᠤᠭᠴᠢ ᠵᠢᠴᠢ ᠲᠡᠭᠦᠨ ᠤ ᠨᠠᠶᠢᠳᠠᠭᠰᠠᠨ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠡᠭᠡᠨ᠂ ᠪᠠᠶᠢᠩᠭᠤ ᠲᠣᠬᠢᠶᠠᠯᠳᠤᠳᠠᠭ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠨᠠᠷᠢᠨ ᠲᠠᠩᠰᠠ ᠲᠠᠢ ᠬᠠᠷᠢᠴᠠᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠡᠷᠡᠰ ᠬᠤᠷᠢᠭᠯᠠᠬᠤ ᠶᠢᠨ ᠬᠠᠮᠲᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠳᠣᠲᠣᠭᠠᠳᠤ ᠡᠵᠡᠮᠳᠡᠯ ᠤᠨ ᠲᠣᠭᠲᠠᠴᠠ ᠶᠢ ᠲᠣᠭᠲᠠᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠢ᠃                                          2023 ᠣᠨ ᠤ 4 ᠰᠠᠷ᠎ᠠ ᠶᠢᠨ 20 ᠤ ᠡᠳᠦᠷ                                 ᠤᠷᠴᠢᠭᠤᠯᠤᠭᠴᠢ᠄ ᠬᠦᠰᠡᠯ                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2