ᠥᠪᠡᠷᠲᠡᠭᠡᠨ ᠵᠠᠰᠠᠬᠤ ᠣᠷᠣᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠡᠷᠳᠡᠮ ᠰᠢᠨᠵᠢᠯᠡᠭᠡᠨ ᠤ ᠰᠣᠯᠢᠯᠴᠠᠭ᠎ᠠ ᠵᠢᠴᠢ ᠬᠢᠲᠠᠳ ᠡᠮ ᠡᠮᠨᠡᠯᠭᠡ ᠶᠢᠨ ᠨᠡᠶᠢᠭᠡᠮᠯᠢᠭ ᠤᠨ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠠᠮᠢᠰᠬᠤᠯ ᠤᠨ ᠡᠪᠡᠳᠴᠢᠨ ᠤ ᠬᠤᠪᠢᠶᠠᠷᠢ ᠨᠡᠶᠢᠭᠡᠮᠯᠢᠭ ᠤᠨ ᠡᠷᠳᠡᠮ ᠰᠢᠨᠵᠢᠯᠡᠭᠡᠨ ᠤ ᠣᠨ ᠤ ᠬᠤᠷᠠᠯ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/10/26
    10 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠡᠷᠳᠡᠮ ᠰᠢᠨᠵᠢᠯᠡᠭᠡᠨ ᠤ ᠰᠣᠯᠢᠯᠴᠠᠭ᠎ᠠ ᠵᠢᠴᠢ ᠬᠢᠲᠠᠳ ᠡᠮ ᠡᠮᠨᠡᠯᠭᠡ ᠶᠢᠨ ᠨᠡᠶᠢᠭᠡᠮᠯᠢᠭ ᠤᠨ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠠᠮᠢᠰᠬᠤᠯ ᠤᠨ ᠡᠪᠡᠳᠴᠢᠨ ᠤ ᠬᠤᠪᠢᠶᠠᠷᠢ ᠨᠡᠶᠢᠭᠡᠮᠯᠢᠭ ᠤᠨ ᠡᠷᠳᠡᠮ ᠰᠢᠨᠵᠢᠯᠡᠭᠡᠨ ᠤ ᠣᠨ ᠤ ᠬᠤᠷᠠᠯ ᠮᠠᠨ ᠤ ᠬᠤᠲᠠ ᠳᠤ ᠶᠠᠪᠤᠭᠳᠠᠪᠠ᠂ ᠡᠭᠦᠨ ᠤ ᠵᠣᠷᠢᠯᠭ᠎ᠠ ᠨᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠳᠤᠮᠳᠠᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠡᠷᠭᠡᠶᠢᠯᠡᠨ ᠵᠠᠰᠠᠭᠰᠠᠨ ᠲᠤᠷᠰᠢᠯᠭ᠎ᠠ ᠶᠢ ᠪᠥᠬᠦ ᠲᠠᠯ᠎ᠠ ᠪᠠᠷ ᠳ᠋ᠦᠩᠨᠡᠵᠦ᠂ ᠪᠥᠬᠦ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠰᠲ᠋ᠧᠮ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠵᠢᠴᠢ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠪᠤᠢ᠃     ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠹᠦ᠋ ᠷᠦᠢ ᠹᠧᠩ᠂ ᠬᠤᠲᠠ ᠶᠢᠨ ᠳᠡᠳ᠋ ᠳᠠᠷᠤᠭ᠎ᠠ ᠹᠠᠩ ᠽᠧ ᠠᠵᠢᠯᠯᠠᠭ᠎ᠠ ᠳᠤ ᠣᠷᠣᠯᠴᠠᠪᠠ᠃     ᠬᠤᠷᠠᠯ ᠳᠡᠭᠡᠷ᠎ᠡ᠂ ᠪᠥᠬᠦ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠥᠭᠦᠯᠡᠯ ᠡᠯᠰᠡᠭᠰᠡᠨ ᠪᠠ ᠱᠠᠩᠨᠠᠯ ᠰᠢᠯᠭᠠᠷᠠᠭᠤᠯᠤᠭᠰᠠᠨ ᠪᠠᠶᠢᠳᠠᠯ ᠢ ᠤᠩᠰᠢᠨ ᠨᠡᠶᠢᠲᠡᠯᠡᠭᠰᠡᠨ ᠪᠥᠭᠡᠳ ᠱᠠᠩᠨᠠᠯ ᠣᠯᠣᠭᠰᠠᠨ ᠬᠤᠪᠢ ᠬᠥᠮᠥᠨ ᠪᠠ ᠪᠠᠶᠢᠭᠤᠯᠭ᠎ᠠ ᠨᠢᠭᠡᠴᠢ ᠶᠢᠨ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ᠃     ᠹᠦ᠋ ᠷᠦᠢ ᠹᠧᠩ ᠢᠯᠡᠷᠬᠡᠶᠢᠯᠡᠬᠦ ᠳᠡᠭᠡᠨ᠂ ᠪᠦᠬᠦ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠰᠲ᠋ᠧᠮ ᠤᠨ ᠬᠢᠨᠢ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠰᠠᠨᠠᠭᠠᠰᠢᠷᠠᠨ ᠵᠣᠪᠠᠨᠢᠬᠤ ᠦᠵᠡᠯ ᠤᠬᠠᠮᠰᠠᠷ ᠢᠶᠠᠨ ᠨᠡᠮᠡᠭᠳᠡᠭᠦᠯᠦᠨ᠂ ᠲᠣᠰ ᠪᠡᠶ᠎ᠡ ᠶᠢᠨ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠥᠬᠦ ᠠᠵᠢᠯ ᠲᠥᠷᠥᠯ ᠤᠨ ᠬᠦᠴᠦᠨ ᠢ ᠨᠢᠭᠲᠠᠷᠠᠭᠤᠯᠤᠨ᠂ ᠨᠠᠩ ᠡᠷᠡᠰ ᠪᠠᠲᠤ ᠢᠲᠡᠭᠡᠯ ᠵᠣᠷᠢᠭ᠂ ᠨᠠᠩ ᠪᠣᠳᠠᠲᠠᠢ ᠶᠢ ᠡᠷᠬᠢᠮᠯᠡᠬᠦ ᠰᠤᠷᠲᠠᠯ᠂ ᠨᠠᠩ ᠬᠦᠴᠦᠲᠡᠢ ᠠᠷᠭ᠎ᠠ ᠬᠡᠮᠵᠢᠶ᠎ᠡ ᠪᠠᠷ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢᠨ ᠪᠠᠶᠢᠭᠤᠯᠤᠯᠲᠠ ᠳᠠᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠠᠪᠠᠭᠤᠯᠢᠭ ᠪᠠ ᠦᠢᠯᠡᠳᠦᠯ ᠢ ᠠᠬᠢᠭᠤᠯᠵᠤ᠂ ᠡᠨᠡ ᠬᠦ ᠡᠷᠳᠡ ᠳᠡᠭᠡᠳᠦᠰ ᠠᠴᠠ ᠤᠯᠠᠮᠵᠢᠯᠠᠵᠤ ᠢᠷᠡᠭᠰᠡᠨ ᠡᠷᠬᠢᠮ ᠨᠠᠨᠳᠢᠨ ᠦᠪ ᠬᠥᠷᠥᠩᠭᠡ ᠶᠢ ᠦᠨᠡᠨᠬᠦ ᠰᠠᠶᠢᠲᠤᠷ ᠵᠠᠯᠭᠠᠮᠵᠢᠯᠠᠵᠤ᠂ ᠰᠠᠶᠢᠲᠤᠷ ᠬᠥᠭᠵᠢᠭᠦᠯᠵᠦ᠂ ᠰᠠᠶᠢᠲᠤᠷ ᠠᠰᠢᠭᠯᠠᠬᠤ ᠬᠡᠷᠡᠭᠲᠡᠢ ᠭᠡᠵᠡᠢ᠃     ᠹᠠᠩ ᠽᠧ ᠢᠯᠡᠷᠬᠡᠶᠢᠯᠡᠬᠦ ᠳᠡᠭᠡᠨ᠂ ᠡᠨᠡ ᠤᠳᠠᠭ᠎ᠠ ᠶᠢᠨ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ ᠠᠵᠠ ᠲᠣᠬᠢᠶᠠᠯ ᠢᠶᠠᠷ ᠳᠠᠮᠵᠢᠭᠤᠯᠤᠨ᠂ ᠡᠯ᠎ᠡ ᠠᠶᠢᠮᠠᠭ ᠬᠤᠳᠠ ᠶᠢᠨ ᠲᠡᠷᠢᠭᠦᠨ ᠤ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠦᠨᠳᠦᠰᠦᠨ ᠱᠠᠲᠤᠨ ᠤ ᠬᠢᠳᠠᠳ ︵ᠮᠣᠩᠭᠤᠯ︶ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠢᠶᠠᠨ ᠨᠥᠬᠦᠪᠦᠷᠢᠯᠡᠵᠦ᠂  ᠳᠠᠪᠠᠭᠤᠯᠢᠭ ᠢᠶᠠᠨ ᠪᠠᠳᠠᠷᠠᠭᠤᠯᠵᠤ᠂ ᠰᠠᠭᠤᠷᠢ ᠪᠠᠨ ᠪᠠᠬᠢᠵᠢᠭᠦᠯᠦᠨ᠎ᠡ ᠭᠡᠪᠡ᠃ ᠡᠭᠦᠨ ᠤ ᠬᠠᠮᠲᠤ᠂ ᠨᠡᠩ ᠤᠯᠠᠨ ᠬᠢᠲᠠᠳ ᠡᠸᠦ᠋ᠷᠦᠫᠡ ᠡᠮᠨᠡᠯᠭᠡ ᠶᠢᠨ ᠠᠮᠢᠰᠬᠤᠯ ᠤᠨ ᠲᠦᠷᠦᠯ ᠤᠨ ᠡᠪᠡᠳᠴᠢᠨ ᠡᠮᠭᠡᠭ ᠢ ᠡᠮᠨᠡᠨ ᠵᠠᠰᠠᠬᠤ ᠰᠢᠨ᠎ᠡ ᠣᠶᠢᠯᠠᠭᠠᠭᠳᠠᠬᠤᠨ ᠢ ᠡᠵᠡᠮᠰᠢᠵᠦ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠡᠷᠳᠡᠮ ᠰᠢᠨᠵᠢᠯᠡᠭᠡᠨ ᠤ ᠬᠠᠷᠢᠭᠤ ᠮᠡᠳᠡᠭᠦᠯᠦᠯᠲᠡ ᠪᠠᠷ ᠢᠶᠠᠨ ᠥᠪᠡᠷ ᠥᠪᠡᠷ ᠤᠨ ᠰᠤᠳᠤᠯᠭᠠᠨ ᠤ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠡᠢ᠃                                         ᠤᠷᠴᠢᠭᠤᠯᠤᠭᠴᠢ᠄ ᠢᠷᠭᠤᠢ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2