ᠯᠢᠶᠡᠩᠴᠧᠩ ᠰᠢᠶᠠᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ ᠬᠢᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠤᠰᠤ ᠤᠮᠳᠠ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2023/10/26
    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠯᠢᠶᠡᠩᠴᠧᠩ ᠰᠢᠶᠠᠨ ᠤ ᠤᠷᠤᠯᠳᠤᠭᠠᠨ ᠤ ᠲᠣᠭᠤᠷᠢᠭ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠡᠳᠦᠷ ᠤᠳ ᠲᠤ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠤᠷᠤᠯᠳᠤᠭᠠᠨ ᠢ ᠭᠥᠯᠢᠶᠡᠨ ᠠᠪᠤᠭᠰᠠᠨ ᠲᠠᠯᠠᠪᠠᠶ ᠣᠷᠳᠣᠨ ᠵᠢᠴᠢ ᠭᠥᠯᠢᠶᠡᠨ ᠠᠪᠤᠭᠰᠠᠨ ᠵᠣᠴᠢᠳ ᠤᠨ ᠪᠠᠭᠤᠳᠠᠯ ᠤᠨ ᠠᠮᠢᠳᠤᠷᠠᠯ ᠤᠨ ᠤᠤᠭᠤᠬᠤ ᠤᠰᠤ ᠶᠢ ᠲᠤᠬᠠᠢ ᠶᠢᠨ ᠲᠠᠯᠠᠪᠤᠷ ᠲᠤᠨᠢ ᠥᠯᠢᠭᠡᠷ ᠠᠪᠴᠤ ᠬᠢᠨᠠᠨ ᠬᠡᠮᠵᠢᠵᠦ ᠡᠬᠢᠯᠡᠪᠡ᠃    10 ᠰᠠᠷ᠎ᠠ ᠶᠢᠨ ᠳᠤᠮᠳᠠᠴᠢ ᠠᠴᠠ ᠡᠬᠢᠯᠡᠵᠦ᠂ ᠲᠥᠪ ᠤᠨ ᠠᠵᠢᠯᠲᠠᠳ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠤᠷᠤᠯᠳᠤᠭᠠᠨ ᠤ ᠲᠠᠯᠠᠪᠤᠷ ᠣᠷᠳᠣᠨ ᠵᠢᠴᠢ ᠵᠣᠴᠢᠯᠠᠬᠤ ᠵᠣᠴᠢᠳ ᠤᠨ ᠪᠠᠭᠤᠳᠠᠯ ᠳᠤ ᠠᠮᠢᠳᠤᠷᠠᠯ ᠤᠨ ᠤᠤᠭᠤᠬᠤ ᠤᠰᠤᠨ ᠤ ᠦᠯᠢᠭᠡᠷ ᠠᠪᠴᠤ᠂ ᠡᠭᠦᠨ ᠤ ᠬᠠᠮᠲᠤ ᠴᠤᠭᠯᠠᠭᠤᠯᠤᠭᠰᠠᠨ ᠥᠯᠢᠭᠡᠷ ᠡᠳ᠋ ᠲᠡᠭᠡᠨ ᠪᠠᠷᠢᠮᠵᠢᠶ᠎ᠠ ᠶᠣᠰᠣᠭᠠᠷ ᠮᠢᠺᠷᠣᠪ ᠵᠢᠴᠢ ᠹᠢᠽᠢᠺ ᠬᠢᠮᠢ ᠶᠢᠨ ᠬᠠᠮᠢᠶ᠎ᠠ ᠪᠦᠬᠦᠢ ᠲᠥᠷᠥᠯ ᠵᠦᠢᠯ ᠤᠨ ᠰᠢᠯᠭᠠᠨ ᠪᠠᠶᠢᠴᠠᠭᠠᠯᠲᠠ ᠬᠢᠵᠦ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠢᠶᠠᠨ ᠦᠨᠳᠦᠰᠦᠯᠡᠨ ᠤᠰᠤᠨ ᠤ ᠴᠢᠨᠠᠷ ᠲᠤ ᠦᠨᠡᠯᠡᠯᠲᠡ ᠬᠢᠵᠦ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠢᠶᠠᠨ ᠴᠠᠭ ᠲᠤᠬᠠᠢ ᠳᠤᠨᠢ ᠬᠠᠷᠢᠭᠤ ᠲᠤᠰᠬᠠᠵᠤ᠂ ᠪᠣᠯᠣᠮᠵᠢᠲᠤ ᠴᠢᠨᠠᠷᠲᠠᠢ ᠰᠠᠨᠠᠭᠤᠯᠭ᠎ᠠ ᠳᠤᠷᠠᠳᠴᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠯᠢᠶᠡᠩᠴᠧᠩ ᠰᠢᠶᠠᠨ ᠤ ᠤᠷᠤᠯᠳᠤᠭᠠᠨ ᠤ ᠲᠣᠭᠤᠷᠢᠭ ᠤᠨ ᠤᠤᠭᠤᠬᠤ ᠤᠰᠤᠨ ᠤ ᠠᠮᠤᠷ ᠲᠦᠪᠰᠢᠨ ᠢ ᠦᠨᠡᠨᠬᠦ ᠪᠠᠲᠤᠯᠠᠪᠡ᠃     ᠲᠠᠷᠠᠭᠠᠴᠢ ᠶᠢᠨ ᠠᠯᠬᠤᠮ ᠳᠤ᠂ ᠯᠢᠶᠡᠩᠴᠧᠩ ᠰᠢᠶᠠᠨ ᠤ ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ ᠤᠨ  ᠬᠢᠨ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠶᠢᠳᠠᠯ ᠪᠣᠯᠣᠨ ᠬᠤᠪᠢᠷᠠᠯᠲᠠ ᠶᠢᠨ ᠬᠠᠨᠳᠤᠰᠢ ᠶᠢ ᠬᠥᠳᠡᠯᠦᠩᠭᠦᠢ ᠪᠠᠷ ᠡᠵᠡᠮᠰᠢᠵᠦ᠂ ᠠᠮᠢᠳᠤᠷᠠᠯ ᠤᠨ ᠤᠤᠭᠤᠬᠤ ᠤᠰᠤ ᠶᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠴᠠᠭ ᠲᠤᠬᠠᠢ ᠳᠤᠨᠢ ᠠᠩᠬᠠᠷᠴᠤ᠂ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠢ ᠯᠢᠶᠡᠩᠴᠧᠩ ᠰᠢᠶᠠᠨ ᠳᠤ ᠠᠮᠵᠢᠯᠲᠠ ᠲᠠᠢ ᠡᠷᠭᠢᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠪᠣᠯᠣᠨ᠎ᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2