ᠵᠢᠨᠢᠩ ᠲᠣᠭᠤᠷᠢᠭ ᠤᠨ ᠬᠢᠨ ︽ᠮᠦᠩᠭᠡ ᠰᠣᠪᠠᠭ · ᠲᠠᠨ ᠢ ᠬᠠᠪᠰᠤᠷᠤᠨ ᠡᠷᠭᠢᠯᠡᠬᠦ︾ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠦᠷᠭᠦᠯᠵᠢᠯᠡᠨ ᠲᠡᠭᠦᠯᠳᠡᠷᠵᠢᠭᠦᠯᠪᠡ
ᠨᠡᠶᠢᠲᠡᠯᠡᠭᠰᠡᠨ ᠴᠠᠭ᠄
2023/10/26
    ᠵᠢᠨᠢᠩ ᠲᠣᠭᠤᠷᠢᠭ ᠦᠢᠯᠡᠴᠢᠯᠡᠭᠡᠨ ᠤ ᠴᠣᠩᠬᠤᠪᠴᠢ ᠶᠢ ᠤᠷᠤᠭᠰᠢ ᠰᠢᠯᠵᠢᠭᠦᠯᠬᠦ ᠶᠢ ᠪᠠᠷᠢᠮᠲᠠᠯᠠᠵᠤ᠂ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠴᠢᠨ ᠤᠷᠢᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠲᠤᠷᠠᠨ ᠬᠥᠳᠡᠯᠦᠯᠴᠡᠬᠦ ᠲᠣᠭᠲᠠᠴᠠ ︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠬᠢᠭᠡᠳ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠶᠢᠨ ᠵᠥᠪᠳᠡᠯᠴᠡᠨ ᠠᠵᠢᠯᠯᠠᠬᠤ ᠲᠣᠭᠲᠠᠴᠠ ︵ᠲᠤᠷᠰᠢᠨ ᠬᠡᠷᠡᠭᠵᠢᠭᠦᠯᠬᠦ︶︾ ᠶᠢ ᠪᠠᠶᠢᠭᠤᠯᠵᠤ᠂ ︽ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠶᠢᠨ ᠪᠠᠷᠢᠮᠵᠢᠶᠠᠵᠢᠭᠤᠯᠤᠭᠰᠠᠨ ᠦᠢᠯᠡᠴᠢᠯᠡᠭᠡᠨ ᠤ ᠵᠦᠭᠯᠡᠭᠦᠷ︾ ᠪᠠ ︽ᠠᠵᠢᠯᠯᠠᠬᠤ ᠳᠦᠷᠢᠮ︾ ᠢ ᠨᠠᠶᠢᠷᠠᠭᠤᠯᠤᠨ ᠵᠣᠬᠢᠶᠠᠨ᠎ᠠ᠃ ᠲᠢᠺ ᠲᠤᠺ ᠰᠢᠨ᠎ᠡ ᠵᠠᠭᠤᠴᠢᠯᠠᠭᠤᠷ ᠤᠨ ᠮᠡᠷᠭᠡᠵᠢᠯ ᠤᠨ ᠳᠠᠪᠠᠭᠤᠯᠢᠭ ᠢ ᠠᠰᠢᠭᠯᠠᠨ᠂ ᠠᠵᠤ ᠠᠬᠤᠶᠢᠯᠠᠯ ᠢ ᠬᠠᠪᠰᠤᠷᠤᠨ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠵᠤ᠂ ᠠᠵᠤ ᠠᠬᠤᠶᠢᠯᠠᠯ ᠤᠨ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳ᠋ᠢᠶᠠᠩᠬᠤᠸᠠ᠂ ᠸᠢᠴᠠᠲ ᠢᠶᠠᠷ ᠠᠵᠤ ᠠᠬᠤᠶᠢᠯᠠᠯ ᠲᠠᠢ ᠵᠣᠯᠭᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ 6 ᠤᠳᠠᠭ᠎ᠠ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠨ᠂ ᠠᠵᠤ ᠠᠬᠤᠶᠢᠯᠠᠯ ᠤᠨ ᠭᠠᠷᠳᠠᠮ ᠢ ᠭᠦᠢᠴᠡᠳᠬᠡᠬᠦ ᠵᠢᠴᠢ ᠠᠵᠢᠯᠯᠠᠭᠠᠨ ᠤ ᠶᠠᠪᠤᠴᠠ ᠳᠤ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠵᠦᠢᠯᠡᠰ ᠢ ᠣᠶᠢᠯᠠᠭᠠᠬᠤ ᠶᠢᠨ ᠬᠠᠮᠲᠤ 7 ᠤᠳᠠᠭ᠎ᠠ ︵ᠬᠠᠮᠲᠤᠷᠠᠭᠰᠠᠨ ᠬᠤᠷᠠᠯ︶ ᠶᠢᠨ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠬᠤᠷᠠᠯ ᠥᠷᠨᠢᠭᠦᠯᠵᠦ᠂ ᠬᠠᠮᠢᠶ᠎ᠠ ᠪᠦᠬᠦᠢ ᠵᠦᠢᠯᠡᠰ ᠢ ᠭᠦᠢᠴᠡᠳᠬᠡᠬᠦ ᠠᠬᠢᠴᠠ ᠶᠢ ᠲᠦᠯᠬᠢᠨ ᠠᠬᠢᠭᠤᠯᠪᠠ᠃ ︽ᠠᠵᠤ ᠠᠬᠤᠶᠢᠯᠠᠯ ᠡᠷᠬᠢᠯᠡᠬᠦ ᠲᠣᠮᠣ ᠪᠡᠯᠡᠭ︾ ᠡᠷᠭᠢᠯᠡᠬᠦ ᠦᠢᠯᠡᠴᠢᠯᠡᠭᠡ ᠶᠢ ᠬᠡᠷᠡᠭᠵᠢᠭᠦᠯᠵᠦ᠂ ᠰᠢᠨ᠎ᠡ ᠪᠠᠷ ᠨᠤᠳᠤᠭᠰᠢᠭᠰᠠᠨ 17 ᠠᠵᠤ ᠠᠬᠤᠶᠢᠯᠠᠯ ᠳᠤ ᠦᠨ᠎ᠡ ᠲᠥᠯᠥᠪᠦᠷᠢ ᠦᠭᠡᠢ ᠪᠠᠷ ︽ᠡᠷᠬᠢᠯᠡᠬᠦ ᠲᠣᠮᠣ ᠪᠡᠯᠡᠭ︾ ᠬᠠᠩᠭᠠᠪᠠ᠃ ᠠᠵᠤ ᠠᠬᠤᠶᠢᠯᠠᠯ ᠤᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠥᠪ ᠪᠠᠶᠢᠭᠤᠯᠤᠭᠳᠠᠭᠰᠠᠨ ᠠᠴᠠ ᠨᠠᠰᠢ᠂ ᠨᠢᠭᠡᠨᠲᠡ 333 ᠠᠵᠤ ᠠᠬᠤᠶᠢᠯᠠᠯ ᠳᠤ 423 ᠵᠦᠢᠯ ᠤᠨ ᠵᠦᠢᠯᠡᠰ ᠢ ᠣᠷᠣᠯᠠᠨ ᠭᠦᠢᠴᠡᠳᠬᠡᠵᠦ ᠥᠭᠴᠡᠢ᠃                                  ᠤᠷᠴᠢᠭᠤᠯᠤᠭᠴᠢ᠄ ᠬᠦᠰᠡᠯ                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2