ᠵᠢᠨᠢᠩ ᠲᠣᠭᠤᠷᠢᠭ᠄ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠲᠦᠷᠭᠡᠨ ᠰᠢᠢᠳᠪᠦᠷᠢᠯᠡᠵᠦ  ᠬᠡᠷᠡᠭᠯᠡᠭᠴᠢᠳ ᠤᠨ ᠡᠷᠬᠡ ᠠᠰᠢᠭ ᠢ ᠦᠨᠡᠨᠬᠦ ᠬᠠᠮᠠᠭᠠᠯᠠᠨ᠎ᠠ
ᠨᠡᠶᠢᠲᠡᠯᠡᠭᠰᠡᠨ ᠴᠠᠭ᠄
2023/10/27
         ︽ᠬᠢᠨᠠᠨ ᠬᠠᠮᠢᠶᠠᠷᠬᠤ + ᠦᠢᠯᠡᠴᠢᠯᠡᠭᠡ︾ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠶᠢᠨ ᠲᠥᠯᠥᠭᠡ ᠂  ᠵᠢᠨᠢᠩ ᠲᠣᠭᠤᠷᠢᠭ ᠤᠨ ᠬᠢᠨ ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠲᠤᠰ ᠪᠡᠶ᠎ᠡ ᠶᠢᠨ ᠠᠰᠢᠭ  ᠲᠤᠰᠠ ᠳᠤ ᠬᠤᠯᠪᠣᠭᠳᠠᠭᠰᠠᠨ᠂ ᠲᠤᠰᠬᠠᠯ ᠶᠡᠬᠡᠲᠡᠢ ᠴᠢᠬᠤᠯᠠ ᠠᠷᠠᠳ ᠤᠨ ᠠᠮᠢᠳᠤᠷᠠᠯ ᠤᠨ ᠠᠰᠠᠭᠤᠳᠠᠯ ᠢ  ᠠᠬᠢᠭᠤᠯᠵᠤ᠂ ᠵᠠᠭᠠᠯᠳᠤᠬᠤ ᠢᠯᠡᠴᠢᠯᠡᠨ ᠮᠡᠳᠡᠭᠦᠯᠬᠦ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ︽ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠠᠵᠢᠯ ᠢ ᠪᠦᠬᠦ ᠬᠦᠴᠦᠨ ᠢᠶᠠᠷ ᠢᠶᠠᠨ  ᠨᠠᠶᠢᠳᠠᠪᠤᠷᠢᠵᠢᠭᠤᠯᠵᠤ᠂ ᠭᠤᠮᠣᠳᠠᠯ ᠲᠣᠭᠠᠴᠢᠯᠲᠠ ᠶᠢ ᠰᠢᠢᠳᠪᠦᠷᠢᠯᠡᠬᠦ ᠪᠠ ᠬᠢᠨᠠᠨ ᠬᠠᠮᠢᠶᠠᠷᠴᠤ ᠬᠠᠤᠯᠢ  ᠬᠡᠷᠡᠭᠵᠢᠭᠦᠯᠬᠦ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ  ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠮᠣᠳᠠᠯ ᠲᠣᠭᠠᠴᠢᠯᠲᠠ ᠶᠢ ᠰᠢᠢᠳᠪᠦᠷᠢᠯᠡᠬᠦ ᠨᠤᠷᠮ᠎ᠠ  ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃10 ᠰᠠᠷ᠎ᠠ ᠶᠢᠨ  22 ᠤᠨ ᠡᠳᠦᠷ ᠪᠣᠯᠲᠠᠯ᠎ᠠ᠂ ᠨᠡᠶᠢᠲᠡ 8538 ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠠᠢ᠂  ᠡᠭᠦᠨ ᠳᠤ᠂ ᠪᠥᠬᠦ ᠤᠯᠤᠰ ᠤᠨ 12315 ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢᠨ ᠲᠥᠪ ᠤᠨ ᠲᠠᠪᠴᠠᠩ  3187 ᠬᠦᠯᠢᠶᠡᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤ 5351  ᠬᠦᠯᠢᠶᠡᠵᠤ᠂ ᠵᠠᠭᠠᠯᠳᠤᠬᠤ ᠲᠥᠷᠥᠯ 434᠂ ᠢᠯᠡᠴᠢᠯᠡᠨ ᠮᠡᠳᠡᠭᠦᠯᠬᠦ ᠲᠥᠷᠥᠯ 36᠂ ᠲᠤᠰᠠᠯᠠᠮᠵᠢ ᠭᠤᠶᠤᠴᠢᠯᠠᠬᠤ  ᠲᠥᠷᠥᠯ 4756᠂ ᠵᠥᠪᠯᠡᠯᠭᠡ ᠥᠭᠬᠦ ᠲᠥᠷᠥᠯ 68᠂ ᠰᠠᠨᠠᠭᠤᠯᠭ᠎ᠠ ᠶᠢᠨ ᠲᠥᠷᠥᠯ 46᠂ ᠰᠠᠶᠢᠰᠢᠶᠠᠬᠤ ᠲᠥᠷᠥᠯ  1᠂ ᠵᠠᠭᠠᠯᠳᠤᠯᠭ᠎ᠠ ᠶᠢ ᠭᠥᠯᠢᠶᠡᠨ ᠠᠪᠴᠣ ᠳᠠᠷᠤᠢ ᠰᠢᠢᠳᠪᠦᠷᠢᠯᠡᠭᠰᠡᠨ ᠲᠦᠷᠦᠯ 1᠃ ᠨᠢᠭᠡᠨᠲᠡ 7962 ᠬᠡᠷᠡᠭ ᠢ  ᠰᠢᠢᠳᠪᠦᠷᠢᠯᠡᠨ ᠳᠠᠭᠤᠰᠬᠠᠵᠤ᠂ 576 ᠬᠡᠷᠡᠭ ᠢ ᠶᠠᠭ ᠰᠢᠢᠳᠪᠦᠷᠢᠯᠡᠵᠦ ᠪᠠᠶᠢᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2