ᠯᠢᠶᠡᠩᠴᠧᠩ ᠰᠢᠶᠠᠨ ᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠨᠢ ᠪᠡᠶ᠎ᠡ ᠶᠢ ᠳᠤᠯᠠᠭᠠᠴᠠᠭᠤᠯᠵᠤ᠂ ᠰᠡᠳᠬᠢᠯ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2023/10/27
    ᠯᠢᠶᠡᠩᠴᠧᠩ ᠤᠨ ᠴᠠᠬᠢᠯᠭᠠᠨ ᠬᠠᠩᠭᠠᠬᠤ ᠺᠣᠮᠫᠠᠨᠢ ᠶᠢᠨ ᠴᠡᠪᠡᠷᠵᠢᠬᠦᠨ ᠢᠶᠠᠷ ᠳᠤᠯᠠᠭᠠᠯᠠᠬᠤ ᠶᠢ ᠲᠦᠯᠬᠢᠨ ᠠᠬᠢᠭᠤᠯᠬᠤ ᠶᠢᠨ ᠲᠥᠯᠥᠭᠡ ᠬᠡᠷᠡᠭᠵᠢᠭᠦᠯᠦᠭᠰᠡᠨ ᠨᠢᠭᠡ ᠪᠦᠯᠦᠭ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠢ ᠠᠯᠬᠤᠮ ᠠᠯᠬᠤᠮ ᠢᠶᠠᠷ ᠠᠰᠢᠭᠯᠠᠯᠲᠠ ᠳᠤ ᠣᠷᠣᠭᠤᠯᠵᠤ᠂ ᠲᠥᠪᠯᠡᠷᠡᠭᠦᠯᠦᠨ ᠳᠤᠯᠠᠭᠠᠯᠠᠬᠤ ᠠᠴᠠ ᠭᠠᠳᠠᠨᠠᠬᠢ ᠭᠠᠵᠠᠷ ᠣᠷᠣᠨ ᠤ ᠣᠯᠠᠨ ᠲᠦᠮᠡᠨ ᠤ ᠳᠤᠯᠠᠭᠠᠯᠠᠬᠤ ᠶᠢ ᠪᠠᠲᠤᠯᠠᠬᠤ᠂ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠳᠤ ᠴᠢᠬᠤᠯᠠ ᠦᠢᠯᠡᠳᠦᠯ ᠦᠵᠡᠭᠦᠯᠪᠡ᠃ ᠠᠷᠠᠳ ᠤᠯᠠᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠯᠢᠶᠠᠩᠴᠧᠩ ᠴᠠᠬᠢᠯᠭᠠᠨ ᠬᠠᠩᠭᠠᠬᠤ ᠺᠣᠮᠫᠠᠨᠢ ᠶᠢᠨ ᠬᠢᠨ ᠴᠠᠬᠢᠯᠭᠠᠨ ᠲᠣᠣᠷ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠴᠠᠬᠢᠯᠭᠠᠨ ᠬᠦᠴᠦᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠤᠯᠠᠨ ᠢ ᠠᠮᠤᠷ ᠲᠦᠪᠰᠢᠨ ᠢᠶᠠᠷ ᠡᠪᠦᠯᠵᠢᠭᠦᠯᠪᠡ᠃ ᠠᠵᠢᠯ ᠤᠨ ᠬᠤᠭᠤᠴᠠᠭ᠎ᠠ ᠪᠠᠴᠢᠮ᠂ ᠡᠭᠦᠷᠭᠡ ᠬᠦᠨᠳᠦ ᠵᠡᠷᠭᠡ ᠪᠣᠳᠠᠲᠤ ᠪᠠᠶᠢᠳᠠᠯ ᠳᠤ ᠴᠢᠭᠯᠡᠭᠦᠯᠦᠨ᠂ ᠯᠢᠶᠡᠩᠴᠧᠩ ᠤᠨ ᠴᠠᠬᠢᠯᠭᠠᠨ ᠬᠠᠩᠭᠠᠬᠤ ᠺᠣᠮᠫᠠᠨᠢ ᠶᠢᠨ ᠤᠳᠤᠷᠢᠳᠤᠯᠭ᠎ᠠ ᠰᠢᠨᠵᠢᠯᠡᠬᠦ ᠤᠬᠠᠭᠠᠨᠴᠢ ᠪᠠᠷ ᠵᠢᠯᠤᠭᠤᠳᠴᠤ᠂ ᠬᠠᠮᠢᠶᠠᠷᠤᠯᠲᠠ ᠶᠢᠨ ᠠᠵᠢᠯᠲᠠᠨ ᠨᠢᠭᠡᠳᠦᠭᠡᠷ ᠹᠷᠣᠨᠲ ᠲᠤ ᠦᠨᠳᠦᠰᠦᠯᠡᠵᠦ᠂ ᠡᠯ᠎ᠡ ᠵᠦᠢᠯ ᠤᠨ ᠵᠥᠷᠢᠴᠡᠯ ᠪᠠ ᠠᠰᠠᠭᠤᠳᠠᠯ ᠢ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠠᠮᠤᠷ ᠲᠦᠪᠰᠢᠨ ᠢᠶᠠᠷ ᠡᠵᠡᠮᠳᠡᠨ᠂ ᠰᠣᠯᠪᠢᠴᠠᠭᠤᠯᠤᠨ ᠠᠵᠢᠯᠯᠠᠭᠤᠯᠵᠤ᠂ ᠪᠠᠷᠢᠯᠭ᠎ᠠ ᠨᠢᠭᠡᠪᠦᠷᠢ ᠶᠢᠨ ᠬᠡᠷᠡᠭᠵᠢᠭᠦᠯᠦᠯᠲᠡ ᠶᠢ ᠲᠦᠷᠭᠡᠳᠬᠡᠪᠡ᠃     ᠯᠢᠶᠡᠩᠴᠧᠩ ᠤᠨ ᠴᠠᠬᠢᠯᠭᠠᠨ ᠬᠠᠩᠭᠠᠬᠤ ᠺᠣᠮᠫᠠᠨᠢ ᠶᠢᠨ ᠲᠥᠯᠥᠪᠯᠡᠭᠡ ᠶᠢᠨ ᠢᠨᠵᠧᠨᠧᠷᠢᠩ ᠤᠨ ᠲᠠᠰᠤᠭ ᠤᠨ ᠮᠠ ᠵᠢᠶᠠᠨ ᠲᠢᠩ ᠡᠷᠬᠢᠯᠡᠭᠴᠢ ᠶᠢᠨ ᠲᠠᠨᠢᠯᠴᠠᠭᠤᠯᠤᠭᠰᠠᠨ ᠢᠶᠠᠷ᠂ 2023 ︱ 2024 ᠣᠨ ᠳᠤ ᠨᠡᠭᠦᠷᠡᠰᠦ ᠶᠢ ᠴᠠᠬᠢᠯᠭᠠᠨ ᠪᠤᠯᠭᠠᠨ ᠦᠬᠡᠷᠡᠴᠢᠯᠡᠬᠦ ᠢᠵᠢ ᠪᠦᠷᠢᠳᠦᠭᠦᠯᠦᠨ ᠥᠭᠡᠷᠡᠴᠢᠯᠡᠵᠦ ᠲᠠᠰ ᠳᠡᠪᠰᠢᠭᠦᠯᠬᠦ ᠴᠠᠬᠢᠯᠭᠠᠨ ᠤ ᠲᠣᠣᠷ  ᠨᠢ ᠯᠢᠶᠡᠩᠴᠧᠩ ᠰᠢᠶᠠᠨ᠂ ᠹᠧᠩᠵᠧᠨ ᠬᠤᠲᠠ ᠶᠢᠨ ᠬᠤᠲᠠ ᠲᠣᠭᠤᠷᠢᠭ ᠵᠢᠴᠢ ᠬᠥᠳᠡᠭᠡ ᠲᠣᠰᠬᠤᠨ ᠤ ᠨᠡᠶᠢᠲᠡ 9 ᠰᠢᠶᠠᠩ ᠪᠠᠯᠭᠠᠰᠤ 386 ᠠᠶᠢᠯ ᠲᠣᠰᠬᠤᠨ ᠳᠤ ᠬᠤᠯᠪᠣᠭᠳᠠᠵᠤ᠂ 3.45 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠵᠢᠱᠢᠵᠦ ᠪᠣᠶ᠃ ᠲᠤᠰ ᠲᠦᠷᠦᠯ ᠵᠦᠢᠯ ᠳᠤ᠂ ᠯᠢᠶᠠᠩᠴᠧᠩ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠲᠦᠷᠪᠡᠨ ᠪᠦᠯᠦᠭ ᠤᠳᠠᠭ᠎ᠠ ᠪᠠᠷ ᠲᠡᠰ ᠳᠠᠷᠠᠭᠠᠯᠠᠨ ᠪᠠᠷᠢᠯᠭ᠎ᠠ ᠶᠢᠨ ᠠᠵᠢᠯ ᠢ ᠬᠢᠨ᠎ᠡ᠃ ᠨᠢᠭᠡᠳᠦᠭᠡᠷ ᠪᠦᠯᠦᠭ ᠤᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠵᠢ ᠪᠦᠷᠢᠳᠦᠭᠦᠯᠬᠦ ᠴᠠᠬᠢᠯᠭᠠᠨ ᠤ ᠲᠣᠣᠷ ᠤᠨ ᠥᠭᠡᠷᠡᠴᠢᠯᠡᠯᠲᠡ ᠶᠢᠨ ᠲᠥᠯᠥᠪᠯᠡᠭᠡ ᠳᠤ 5 ᠰᠢᠶᠠᠩ ᠪᠠᠯᠭᠠᠰᠤᠨ ᠤ 124 ᠠᠶᠢᠯ ᠲᠣᠰᠬᠤᠨ ᠢ ᠬᠠᠮᠤᠷᠪᠠ ︔ ᠬᠤᠶᠠᠳᠤᠭᠠᠷ ᠪᠦᠯᠦᠭ ᠤᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠵᠢ ᠪᠦᠷᠢᠳᠦᠭᠦᠯᠬᠦ ᠴᠠᠬᠢᠯᠭᠠᠨ ᠤ ᠲᠣᠣᠷ ᠤᠨ ᠥᠭᠡᠷᠡᠴᠢᠯᠡᠯᠲᠡ ᠶᠢᠨ ᠲᠥᠯᠥᠪᠯᠡᠭᠡ ᠨᠢ 6 ᠰᠢᠶᠠᠩ ᠪᠠᠯᠭᠠᠰᠤᠨ ᠤ 73 ᠠᠶᠢᠯ ᠲᠣᠰᠬᠤᠨ ᠳᠤ ᠬᠤᠯᠪᠣᠭᠳᠠᠨ᠎ᠠ︔ ᠭᠤᠷᠪᠠᠳᠤᠭᠠᠷ ᠪᠦᠯᠦᠭ ᠤᠨ ᠨᠡᠭᠦᠷᠡᠰᠦ ᠶᠢ ᠴᠠᠬᠢᠯᠭᠠᠨ ᠤ ᠢᠵᠢ ᠪᠦᠷᠢᠳᠦᠭᠦᠯᠬᠦ ᠴᠠᠬᠢᠯᠭᠠᠨ ᠤ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠢ 7 ᠰᠠᠷ᠎ᠠ ᠶᠢᠨ 21 ᠤ ᠡᠳᠦᠷ ᠲᠤ ᠨᠢᠭᠡᠨᠲᠡ ᠰᠤᠳᠤᠯᠵᠤ ᠪᠣᠯᠬᠤ ᠠᠩᠬᠠᠨ ᠤ ᠪᠠᠶᠢᠷᠢᠯᠠᠭᠤᠯᠤᠯᠲᠠ ᠶᠢ ᠨᠢᠭᠡ ᠴᠣᠭᠴᠠᠵᠢᠭᠤᠯᠤᠭᠰᠠᠨ ᠬᠢᠨᠠᠨ ᠪᠠᠶᠢᠴᠠᠭᠠᠯᠲᠠ ᠶᠢ ᠥᠷᠨᠢᠭᠦᠯᠵᠦ᠂ 9 ᠰᠢᠶᠠᠩ ᠪᠠᠯᠭᠠᠰᠤᠨ ᠤ 118 ᠠᠶᠢᠯ ᠲᠣᠰᠬᠤᠨ ᠳᠤ ᠬᠤᠯᠪᠣᠭᠳᠠᠵᠠᠢ︔ ᠳᠥᠷᠪᠡᠳᠦᠭᠡᠷ ᠪᠦᠯᠦᠭ ᠤᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠵᠢ ᠪᠦᠷᠢᠳᠦᠭᠦᠯᠬᠦ ᠴᠠᠬᠢᠯᠭᠠᠨ ᠤ ᠲᠣᠣᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠣᠳᠣᠬᠠᠨ ᠳᠤ ᠮᠥᠨ ᠬᠦ ᠡᠷᠦᠬᠡ ᠳᠠᠷᠠᠭᠠᠯᠠᠨ ᠲᠤᠬᠠᠢ ᠶᠢᠨ ᠭᠠᠵᠠᠷ ᠲᠤᠨᠢ ᠬᠠᠶᠢᠨ ᠰᠢᠨᠵᠢᠵᠦ᠂ ᠰᠤᠳᠤᠯᠵᠤ ᠪᠣᠯᠬᠤ ᠠᠩᠬᠠᠨ ᠤ ᠨᠢᠭᠡ ᠴᠣᠭᠴᠠᠵᠢᠭᠤᠯᠤᠭᠰᠠᠨ ᠴᠠᠬᠢᠯᠭᠠᠨ ᠬᠠᠩᠭᠠᠬᠤ ᠲᠥᠰᠥᠯ ᠢ ᠵᠡᠷᠭᠡ ᠪᠠᠷ ᠨᠠᠶᠢᠷᠠᠭᠤᠯᠤᠨ ᠵᠣᠬᠢᠶᠠᠵᠤ᠂ 9 ᠰᠠᠷ᠎ᠠ ᠶᠢᠨ ᠰᠡᠭᠦᠯᠴᠢ ᠠᠴᠠ ᠡᠮᠦᠨ᠎ᠡ ᠬᠢᠨᠠᠨ ᠪᠠᠶᠢᠴᠠᠭᠠᠵᠤ ᠳᠠᠭᠤᠰᠬᠠᠭᠠᠳ᠂ ᠳᠥᠷᠪᠡᠳᠦᠭᠡᠷ ᠪᠦᠯᠦᠭ ᠤᠨ ᠵᠦᠢᠯᠡᠰ ᠢ ᠶᠠᠭ ᠪᠦᠲᠦᠮᠵᠢᠲᠡᠶ ᠲᠦᠯᠬᠢᠨ ᠠᠬᠢᠭᠤᠯᠵᠤ ᠪᠠᠶᠢᠨ᠎ᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2