ᠵᠢᠨᠢᠩ ᠲᠣᠭᠤᠷᠢᠭ᠄ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠲᠦᠷᠭᠡᠨ ᠰᠢᠢᠳᠪᠦᠷᠢᠯᠡᠵᠦ ᠬᠡᠷᠡᠭᠯᠡᠭᠴᠢᠳ ᠤᠨ ᠡᠷᠬᠡ ᠠᠰᠢᠭ ᠢ ᠦᠨᠡᠨᠬᠦ ᠬᠠᠮᠠᠭᠠᠯᠠᠨ᠎ᠠ
ᠨᠡᠶᠢᠲᠡᠯᠡᠭᠰᠡᠨ ᠴᠠᠭ᠄
2023/10/27
    ︽ᠬᠢᠨᠠᠨ ᠬᠠᠮᠢᠶᠠᠷᠬᠤ + ᠦᠢᠯᠡᠴᠢᠯᠡᠭᠡ︾ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠶᠢᠨ ᠲᠥᠯᠥᠭᠡ᠂ ᠵᠢᠨᠢᠩ ᠲᠣᠭᠤᠷᠢᠭ ᠤᠨ ᠬᠢᠨ ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ᠂ ᠲᠤᠰᠬᠠᠯ ᠶᠡᠬᠡᠲᠡᠢ ᠴᠢᠬᠤᠯᠠ ᠠᠷᠠᠳ ᠤᠨ ᠠᠮᠢᠳᠤᠷᠠᠯ ᠤᠨ ᠠᠰᠠᠭᠤᠳᠠᠯ ᠢ ᠠᠬᠢᠭᠤᠯᠵᠤ᠂ ᠵᠠᠭᠠᠯᠳᠤᠬᠤ ᠢᠯᠡᠴᠢᠯᠡᠨ ᠮᠡᠳᠡᠭᠦᠯᠬᠦ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾ ᠠᠵᠢᠯ ᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠭᠤᠮᠣᠳᠠᠯ ᠲᠣᠭᠠᠴᠢᠯᠲᠠ ᠶᠢ ᠰᠢᠢᠳᠪᠦᠷᠢᠯᠡᠬᠦ ᠪᠠ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠮᠣᠳᠠᠯ ᠲᠣᠭᠠᠴᠢᠯᠲᠠ ᠶᠢ ᠰᠢᠢᠳᠪᠦᠷᠢᠯᠡᠬᠦ ᠨᠤᠷᠮ᠎ᠠ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃10 ᠰᠠᠷ᠎ᠠ ᠶᠢᠨ 22 ᠤᠨ ᠡᠳᠦᠷ ᠪᠣᠯᠲᠠᠯ᠎ᠠ᠂ ᠨᠡᠶᠢᠲᠡ 8538 ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠠᠢ᠂ ᠡᠭᠦᠨ ᠳᠤ᠂ ᠪᠥᠬᠦ ᠤᠯᠤᠰ ᠤᠨ 12315 ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢᠨ ᠲᠥᠪ ᠤᠨ ᠲᠠᠪᠴᠠᠩ 3187 ᠬᠦᠯᠢᠶᠡᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤ 5351 ᠬᠦᠯᠢᠶᠡᠵᠤ᠂ ᠵᠠᠭᠠᠯᠳᠤᠬᠤ ᠲᠥᠷᠥᠯ 434᠂ ᠢᠯᠡᠴᠢᠯᠡᠨ ᠮᠡᠳᠡᠭᠦᠯᠬᠦ ᠲᠥᠷᠥᠯ 36᠂ ᠲᠤᠰᠠᠯᠠᠮᠵᠢ ᠭᠤᠶᠤᠴᠢᠯᠠᠬᠤ ᠲᠥᠷᠥᠯ 4756᠂ ᠵᠥᠪᠯᠡᠯᠭᠡ ᠥᠭᠬᠦ ᠲᠥᠷᠥᠯ 68᠂ ᠰᠠᠨᠠᠭᠤᠯᠭ᠎ᠠ ᠶᠢᠨ ᠲᠥᠷᠥᠯ 46᠂ ᠰᠠᠶᠢᠰᠢᠶᠠᠬᠤ ᠲᠥᠷᠥᠯ 1᠂ ᠵᠠᠭᠠᠯᠳᠤᠯᠭ᠎ᠠ ᠶᠢ ᠭᠥᠯᠢᠶᠡᠨ ᠠᠪᠴᠣ ᠳᠠᠷᠤᠢ ᠰᠢᠢᠳᠪᠦᠷᠢᠯᠡᠭᠰᠡᠨ ᠲᠦᠷᠦᠯ 1᠃ ᠨᠢᠭᠡᠨᠲᠡ 7962 ᠬᠡᠷᠡᠭ ᠢ ᠰᠢᠢᠳᠪᠦᠷᠢᠯᠡᠨ ᠳᠠᠭᠤᠰᠬᠠᠵᠤ᠂ 576 ᠬᠡᠷᠡᠭ ᠢ ᠶᠠᠭ ᠰᠢᠢᠳᠪᠦᠷᠢᠯᠡᠵᠦ ᠪᠠᠶᠢᠨ᠎ᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2