ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2023/10/30
ᠨᠢᠭᠡ᠂ ᠢᠯᠡ ᠨᠡᠶᠢᠲᠡᠯᠡᠬᠦ ᠨᠡᠷᠡᠰ   ᠶᠠᠨ ᠹᠦ᠋᠂ ᠡᠷᠡᠭᠲᠡᠢ᠂ ᠬᠢᠲᠠᠳ ᠦᠨᠳᠦᠰᠦᠲᠡᠨ᠂ 1973 ᠣᠨ ᠤ 2 ᠰᠠᠷ᠎ᠠ ᠳᠤ ᠳᠦᠷᠦᠵᠡᠶ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃   ᠦ᠋ ᠮᠧᠶ᠂ ᠡᠷᠡᠭᠲᠡᠢ᠂ ᠬᠢᠲᠠᠳ ᠦᠨᠳᠦᠰᠦᠲᠡᠨ᠂ 1964 ᠣᠨ ᠤ 8 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠠᠨᠠᠭᠠᠬᠤ ᠤᠬᠠᠭᠠᠨ ᠤ ᠮᠡᠷᠭᠡᠵᠢᠯ᠂ ᠡᠷᠬᠢᠯᠡᠭᠴᠢ ᠡᠮᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠬᠤᠳᠠ ᠶᠢᠨ ᠲᠥᠪ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠡᠮᠨᠡᠯᠭᠡ ᠶᠢᠨ ᠬᠤᠷᠢᠶᠠᠨ ᠤ ᠬᠤᠷᠢᠶᠠᠨ ᠳᠠᠷᠤᠭ᠎ᠠ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠬᠠᠷᠢᠶᠠᠯᠠᠭᠳᠠᠬᠤ ᠵᠢᠩᠬᠢᠨᠢ ᠭᠠᠵᠠᠷ ᠤᠨ ᠲᠡᠰ ᠤᠨ ᠠᠵᠢᠯ ᠦᠢᠯᠡᠰ ᠤᠨ ᠨᠢᠭᠡᠴᠢ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠳᠤ ᠲᠣᠮᠢᠯᠠᠬᠤ ᠪᠠᠷ ᠪᠤᠢ᠃   ᠸᠠᠩ ᠢᠩ ᠨᠠᠨ᠂ ᠡᠷᠡᠭᠲᠡᠢ᠂ ᠡᠮᠡᠭᠲᠡᠢ᠂ ᠬᠢᠲᠠᠳ ᠦᠨᠳᠦᠰᠦᠲᠡᠨ᠂ 1980 ᠣᠨ ᠤ 6 ᠰᠠᠷ᠎ᠠ ᠳᠤ ᠲᠦᠷᠦᠵᠡᠢ ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠡᠮᠴᠢᠯᠡᠭᠡᠨ ᠤ ᠠᠨᠠᠭᠠᠬᠤ ᠤᠬᠠᠭᠠᠨ ᠤ ᠳ᠋ᠣᠺᠲ᠋ᠣᠷ᠂ ᠡᠷᠬᠢᠯᠡᠭᠴᠢ ᠡᠮᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠦ ᠬᠤᠳᠠ ᠶᠢᠨ ᠲᠥᠪ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠳᠠᠷᠤᠭ᠎ᠠ ᠶᠢᠨ ᠲᠤᠰᠢᠶᠠᠯ ᠲᠠᠢ᠂  ᠡᠮᠨᠡᠯᠭᠡ ᠶᠢᠨ ᠬᠤᠷᠢᠶᠠᠨ  ᠤ ᠳᠡᠳ᠋ ᠬᠤᠷᠢᠶᠠᠨ ᠳᠠᠷᠤᠭ᠎ᠠ᠂ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠬᠠᠷᠢᠶᠠᠯᠠᠭᠳᠠᠬᠤ ᠵᠢᠩᠬᠢᠨᠢ ᠭᠠᠵᠠᠷ ᠤᠨ ᠲᠡᠰ ᠤᠨ ᠠᠵᠢᠯ ᠦᠢᠯᠡᠰ ᠤᠨ ᠨᠢᠭᠡᠴᠢ ᠶᠢᠨ ᠵᠢᠩᠬᠢᠨᠢ ᠲᠤᠰᠢᠶᠠᠯ ᠳᠤ ᠨᠡᠷ᠎ᠡ ᠳᠤᠷᠠᠳᠴᠤ ᠲᠣᠮᠢᠯᠠᠬᠤ ᠪᠠᠷ ᠪᠤᠢ᠃    ᠰᠢᠶᠦ᠋ᠩ ᠸᠧᠢ᠂ ᠡᠷᠡᠭᠲᠡᠢ᠂ ᠬᠢᠲᠠᠳ ᠦᠨᠳᠦᠰᠦᠲᠡᠨ᠂ 1976 ᠣᠨ ᠤ 12 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠱᠠᠩᠳᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠬᠤᠳᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠳᠤ ᠲᠣᠮᠢᠯᠠᠬᠤ ᠪᠠᠷ ᠪᠤᠢ᠃   ᠠᠨ ᠵᠠᠨ ᠹᠧᠩ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 3 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠹᠧᠩᠵᠧᠨ ᠬᠤᠲᠠ ᠶᠢᠨ ᠳᠡᠳ᠋ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠲᠤᠰᠢᠶᠠᠯ ᠳᠤ ᠲᠣᠮᠢᠯᠠᠬᠤ ᠪᠠᠷ ᠪᠣᠶ᠃   ᠹᠠᠨ ᡁᠢ ᠯᠢᠶᠠᠩ᠂ ᠡᠷᠡᠭᠲᠡᠢ᠂ ᠬᠢᠲᠠᠳ ᠦᠨᠳᠦᠰᠦᠲᠡᠨ᠂ 1980 ᠣᠨ ᠤ 7 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠳᠥᠷᠪᠡᠳ ᠬᠤᠰᠢᠭᠤᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠲᠤᠰᠢᠶᠠᠯ ᠳᠤ ᠲᠣᠮᠢᠯᠠᠬᠤ ᠪᠠᠷ ᠪᠣᠶ᠃   ᠵᠧᠦ ᠷᠦᠢ ᠵᠢᠶᠦ᠋ᠨ᠂ ᠡᠷᠡᠭᠲᠡᠢ᠂ ᠬᠢᠲᠠᠳ ᠦᠨᠳᠦᠰᠦᠲᠡᠨ᠂ 1976 ᠣᠨ ᠤ 7 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠰᠢᠩ ᠾᠧ ᠰᠢᠶᠠᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠲᠤᠰᠢᠶᠠᠯ ᠳᠤ ᠲᠣᠮᠢᠯᠠᠬᠤ ᠪᠠᠷ ᠪᠣᠶ᠃   ᠵᠢᠶᠠ ᠢᠦᠢ ᠹᠧᠢ᠂ ᠡᠷᠡᠭᠲᠡᠢ᠂ ᠬᠢᠲᠠᠳ ᠦᠨᠳᠦᠰᠦᠲᠡᠨ᠂ 1977 ᠣᠨ ᠤ 8 ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠯᠢᠶᠡᠩᠴᠧᠩ ᠰᠢᠶᠠᠨ ᠤ ᠵᠢᠷᠭᠤᠳᠤᠭᠠᠷ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠲᠤᠰᠢᠶᠠᠯ ᠳᠤ ᠲᠣᠮᠢᠯᠠᠬᠤ ᠪᠠᠷ ᠪᠤᠢ᠃   ᠸᠠᠩ ᠰᠢᠨ ᠴᠦᠨ᠂ ᠡᠷᠡᠭᠲᠡᠢ᠂ ᠬᠢᠲᠠᠳ ᠦᠨᠳᠦᠰᠦᠲᠡᠨ᠂ 1977 ᠣᠨ ᠤ 8 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠵᠦᠸᠧᠽᠢ ᠰᠢᠶᠠᠨ ᠤ ᠬᠤᠩ ᠵᠣᠣ ᠰᠢᠶᠠᠩ ᠤᠨ ᠨᠠᠮ ᠤᠨ ᠬᠤᠷᠢᠶᠠᠨ ᠤ ᠱᠦᠵᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃ ᠬᠤᠶᠠᠷ᠂ ᠢᠯᠡ ᠨᠡᠶᠢᠲᠡᠯᠡᠬᠦ ᠴᠠᠭ   ᠵᠠᠷᠯᠠᠨ ᠨᠡᠶᠢᠲᠡᠯᠡᠬᠦ ᠴᠠᠭ ᠨᠢ 2023 ᠣᠨ ᠤ 10 ᠰᠠᠷ᠎ᠠ ᠶᠢᠨ 25 ᠤ ᠡᠳᠦᠷ ᠠᠴᠠ 10 ᠰᠠᠷ᠎ᠠ ᠶᠢᠨ 31 ᠤ ᠡᠳᠦᠷ ᠪᠣᠯᠲᠠᠯ᠎ᠠ᠃ ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ    ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠰᠤᠷᠪᠤᠯᠵᠢᠯᠠᠬᠤ ᠪᠠᠷ ᠢᠷᠡᠭᠰᠡᠨ᠂ ᠵᠠᠬᠢᠳᠠᠯ ᠢᠷᠡᠭᠦᠯᠦᠭᠰᠡᠨ᠂ ᠤᠲᠠᠰᠤ ᠢᠷᠡᠭᠦᠯᠦᠭᠰᠡᠨ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠲᠤᠰᠬᠠᠨ᠎ᠠ᠃   ᠢᠯᠡ ᠨᠡᠶᠢᠲᠡᠯᠡᠬᠦ ᠠᠯᠪᠠᠨ ᠭᠡᠷ ᠢ ᠬᠤᠲᠠ ᠶᠢᠨ ᠨᠠᠮ ᠵᠠᠰᠠᠭ ᠤᠨ ᠲᠣᠮᠣ ᠠᠰᠠᠷ ᠤᠨ 916 ᠳ᠋ᠤᠭᠠᠷ ᠥᠷᠥᠭᠡᠨ ᠳᠤ ᠲᠣᠬᠢᠷᠠᠭᠤᠯᠵᠠᠢ᠃   ᠬᠦᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 ︱ 12᠄ 00 ᠴᠠᠭ᠂ ᠦᠳᠡ ᠶᠢᠨ ᠬᠤᠶᠢᠨ᠎ᠠ 14᠄ 30 ︱ 18᠄ 00 ᠴᠠᠭ᠃   ᠬᠦᠯᠢᠶᠡᠨ ᠠᠪᠬᠤ ᠤᠲᠠᠰᠤ᠄ ︵0474︶12380 ᠣᠨᠴᠠᠭᠠᠶᠢᠯᠠᠨ ᠵᠠᠷᠯᠠᠪᠠ                                   ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                                   2023 ᠣᠨ ᠤ 10 ᠰᠠᠷ᠎ᠠ ᠶᠢᠨ 24 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2