| ᠱᠠᠩᠳᠤ ᠰᠢᠶᠠᠨ ᠢ 2016 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠡᠴᠡᠷᠯᠢᠭᠵᠢᠭᠦᠯᠦᠭᠰᠡᠨ ᠰᠢᠶᠠᠨ ᠤ ᠬᠤᠲᠠ ᠪᠣᠯᠭᠠᠭᠰᠠᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ | ᠴᠡᠴᠡᠷᠯᠢᠭᠵᠢᠭᠦᠯᠦᠭᠰᠡᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠠᠮᠢ ᠠᠬᠤᠢ ᠶᠢ ᠤᠷᠢᠳᠡᠪᠡᠷ ᠪᠤᠳᠤᠯᠬᠢᠯᠠᠬᠤ᠂ ᠪᠣᠬᠢᠷᠲᠤᠯ ᠦᠭᠡᠢ | ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠬᠥᠬᠡᠮᠳᠦᠭ ᠨᠤᠭᠤᠭᠠᠨ ᠠᠭᠤᠯᠠ ᠤᠰᠤ ᠪᠣᠯ | ᠠᠯᠲᠠᠨ ᠮᠥᠩᠭᠦᠨ ᠠᠭᠤᠯᠠ ᠤᠰᠤ ᠮᠥᠨ︾ ᠭᠡᠬᠦ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ | ᠳᠤᠲᠠᠭᠤᠳᠠᠯ ᠢ ᠤᠯᠠᠮ ᠴᠢᠨᠠᠭᠰᠢᠳᠡ ᠨᠦᠬᠦᠪᠦᠷᠢᠯᠡᠵᠤ᠂ ᠪᠠᠭᠤᠷᠠᠢ ᠳᠠᠯ᠎ᠠ ᠶᠢ ᠤᠯᠠᠮ ᠨᠢᠭᠡ ᠠᠯᠬᠤᠮ | ᠬᠦᠴᠦᠷᠬᠡᠭᠵᠢᠬᠦᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠲᠤ ᠲᠣᠬᠢᠷᠠᠮᠵᠢᠲᠠᠢ ᠵᠤᠭᠠᠴᠠᠬᠤ | ᠳᠤ ᠳᠤᠬᠢᠷᠠᠮᠵᠢᠳᠡᠢ ᠠᠮᠢ ᠠᠬᠤᠢ ᠶᠢᠨ ᠬᠡᠯᠪᠡᠷᠢ ᠶᠢᠨ ᠰᠢᠶᠠᠨ ᠤ ᠬᠤᠲᠠ ᠶᠢ ᠪᠥᠬᠦ ᠬᠦᠴᠦᠨ ᠢᠶᠠᠷ ᠢᠶᠠᠨ ᠴᠣᠭᠴᠠᠯᠠᠨ | ᠪᠠᠶᠢᠭᠤᠯᠤᠨ᠎ᠠ᠃ | ᠨᠢᠭᠡ ᠳᠤ ᠴᠡᠴᠡᠷᠯᠢᠭᠵᠢᠭᠦᠯᠦᠨ ᠨᠣᠭᠤᠭᠠᠷᠠᠭᠤᠯᠬᠤ ᠡᠷᠴᠢᠮ ᠢ ᠴᠢᠩᠭᠠᠷᠠᠭᠤᠯᠤᠨ᠎ᠠ᠃ ︽ᠨᠢᠭᠡ ᠵᠠᠮ ᠢ ᠰᠠᠶᠢᠲᠤᠷ | ᠵᠠᠰᠠᠵᠤ᠂ ᠨᠢᠭᠡ ᠵᠠᠮ ᠢ ᠨᠣᠭᠤᠭᠠᠷᠠᠭᠤᠯᠬᠤ︾ ᠵᠠᠷᠴᠢᠮ ᠢ ᠪᠠᠷᠢᠮᠲᠠᠯᠠᠨ᠂ ᠠᠯᠬᠤᠮ ᠠᠯᠬᠤᠮ ᠢᠶᠠᠷ ᠨᠣᠭᠤᠭᠠᠷᠠᠭᠤᠯᠬᠤ | ᠂ ᠵᠠᠮ ᠱᠤᠭᠤᠮ ᠢ ᠦᠵᠡᠮᠵᠢ ᠲᠠᠢ ᠪᠣᠯᠭᠠᠬᠤ᠂ ᠦᠵᠡᠮᠵᠢ ᠶᠢ ᠠᠯᠬᠤᠮ ᠠᠯᠬᠤᠮ ᠢᠶᠠᠷ ᠰᠣᠯᠢᠬᠤ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠲᠣᠣᠷ ᠢ ᠦᠨᠳᠦᠰᠦᠨ ᠳᠡᠭᠡᠨ ᠪᠦᠷᠢᠯᠳᠦᠭᠦᠯᠵᠦ᠂ 10 ᠰᠠᠷ᠎ᠠ ᠶᠢᠨ 20 ᠤ ᠡᠳᠦᠷ | ᠪᠣᠯᠲᠠᠯ᠎ᠠ᠂ ᠪᠥᠬᠦ ᠰᠢᠶᠠᠨ ᠤ ᠬᠤᠲᠠ ᠪᠠᠯᠭᠠᠰᠤᠨ ᠤ ᠵᠠᠮ ᠤᠨ ᠨᠣᠭᠤᠭᠠᠷᠠᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ | ᠨᠣᠷᠮ᠎ᠠ ᠪᠠ ᠨᠣᠭᠤᠭᠠᠷᠠᠭᠤᠯᠤᠯᠲᠠ ᠶᠢᠨ ᠲᠦᠭᠡᠮᠡᠯᠵᠢᠭᠦᠯᠦᠭᠰᠡᠨ ᠨᠣᠷᠮ᠎ᠠ ᠲᠣᠰ ᠲᠣᠰ 100% ᠪᠠ 94.1% ᠳᠤ | ᠬᠦᠷᠴᠦ᠂ ᠣᠶ ᠰᠢᠭᠤᠢ ᠶᠢᠨ ᠰᠡᠭᠦᠳᠡᠷᠲᠦ ᠵᠠᠮ ᠢ ᠳᠡᠯᠭᠡᠷᠡᠭᠦᠯᠦᠭᠰᠡᠨ ᠨᠣᠷᠮ᠎ᠠ 64.5% ᠳᠤ ᠬᠥᠷᠪᠡ᠃ | ᠴᠡᠴᠡᠷᠯᠢᠭ ᠤᠨ ᠵᠦᠯᠭᠡ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠶᠢ ᠳᠡᠭᠡᠭᠰᠢᠯᠡᠭᠦᠯᠦᠨ᠂ ᠵᠦᠯᠭᠡ ᠭᠠᠵᠠᠷ ᠤᠨ | ᠨᠣᠷᠮ᠎ᠠ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ᠂ ᠬᠥᠮᠥᠨ ᠪᠦᠷᠢ ᠶᠢᠨ ᠳᠤᠮᠳᠠᠴᠢ ᠴᠡᠴᠡᠷᠯᠢᠭ ᠤᠨ | ᠵᠦᠯᠭᠡ ᠭᠠᠵᠠᠷ ᠤᠨ ᠲᠠᠯᠠᠪᠠᠶ ᠵᠡᠷᠭᠡ ᠭᠤᠣᠯ ᠪᠣᠯᠬᠤ ᠨᠣᠭᠤᠭᠠᠷᠠᠭᠤᠯᠤᠯᠲᠠ ᠶᠢᠨ ᠭᠦᠢᠴᠡᠳᠬᠡᠯ ᠲᠤᠭ᠎ᠠ ᠶᠢ ᠵᠢᠯ | ᠳᠠᠷᠠᠭᠠᠯᠠᠨ ᠳᠡᠭᠡᠭᠰᠢᠯᠡᠭᠦᠯᠵᠦ᠂ ᠬᠥᠮᠥᠨ ᠪᠦᠷᠢ ᠶᠢᠨ ᠳᠤᠮᠳᠠᠴᠢ ᠴᠡᠴᠡᠷᠯᠢᠭ ᠤᠨ ᠵᠦᠯᠭᠡ ᠭᠠᠵᠠᠷ ᠤᠨ ᠲᠠᠯᠠᠪᠠᠶ ᠶᠢ | ᠬᠦᠮᠦᠨ ᠪᠦᠷᠢ ᠳᠤ 17.2m ᠳᠤ ᠬᠦᠷᠦᠭᠦᠯᠦᠨ᠎ᠡ᠃ | ᠬᠤᠶᠠᠷ ᠲᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠱᠠᠩᠳᠤ | ᠰᠢᠶᠠᠨ 2003 ᠣᠨ ᠠᠴᠠ ᠡᠬᠢᠯᠡᠨ ᠬᠠᠭᠤᠴᠢᠨ ᠬᠤᠳᠠ ᠶᠢᠨ ᠲᠣᠭᠤᠷᠢᠭ ᠤᠨ ᠤᠰᠤ ᠬᠠᠩᠭᠠᠬᠤ ᠬᠤᠭᠤᠯᠠᠢ ᠶᠢᠨ | ᠲᠣᠣᠷ ᠲᠤ ᠥᠭᠡᠷᠡᠴᠢᠯᠡᠯᠲᠡ ᠬᠢᠬᠦ ᠶᠢᠨ ᠬᠠᠮᠲᠤ ᠤᠰᠤ ᠲᠦᠭᠡᠭᠡᠬᠦ ᠦᠢᠯᠡᠳᠪᠦᠷᠢ᠂ ᠤᠰᠤᠨ ᠰᠤᠷᠪᠤᠯᠵᠢ ᠶᠢᠨ | ᠭᠠᠵᠠᠷ ᠢ ᠥᠷᠭᠡᠳᠬᠡᠨ ᠪᠠᠶᠢᠭᠤᠯᠵᠤ᠂ 10 ᠰᠠᠷ᠎ᠠ ᠪᠣᠯᠲᠠᠯ᠎ᠠ ᠬᠠᠭᠤᠴᠢᠨ ᠬᠤᠳᠠ ᠶᠢᠨ ᠲᠣᠭᠤᠷᠢᠭ ᠤᠨ ᠤᠰᠤ | ᠬᠠᠩᠭᠠᠬᠤ ᠭᠤᠣᠯ ᠱᠤᠭᠤᠮ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ ᠬᠤᠲᠠ ᠪᠠᠯᠭᠠᠰᠤ ᠳᠤ | ᠣᠲᠣ ᠤᠰᠤ ᠴᠡᠪᠡᠷᠰᠢᠭᠦᠯᠬᠦ ᠦᠢᠯᠡᠳᠪᠦᠷᠢ 2᠂ ᠤᠰᠤᠨ ᠰᠤᠷᠪᠤᠯᠵᠢ ᠶᠢᠨ ᠭᠠᠵᠠᠷ 2 ᠪᠠᠶᠢᠵᠤ᠂ ᠬᠤᠶᠠᠷ | ᠬᠠᠵᠠᠭᠤ ᠶᠢᠨ ᠤᠰᠤᠨ ᠰᠤᠷᠪᠤᠯᠵᠢ ᠶᠢᠨ ᠭᠠᠵᠠᠷ ᠲᠤ ᠨᠡᠶᠢᠲᠡ 24 ᠤᠰᠤᠨ ᠰᠤᠷᠪᠤᠯᠵᠢ ᠶᠢᠨ ᠬᠤᠳᠳᠤᠭ ᠪᠠᠶᠢᠵᠤ᠂ | ᠶᠡᠷᠦᠩᠬᠡᠢ ᠤᠰᠤ ᠬᠠᠩᠭᠠᠬᠤ ᠴᠢᠳᠠᠪᠤᠷᠢ ᠨᠢ ᠡᠳᠦᠷ ᠪᠦᠷᠢ 2 ᠲᠦᠮᠡᠨ ᠲᠣᠨ ᠳᠤ ᠬᠦᠷᠴᠡᠢ᠃ ᠤᠰᠤ ᠬᠠᠩᠭᠠᠬᠤ | ᠬᠡᠪᠴᠢᠶ᠎ᠡ ᠨᠢ ᠬᠤᠲᠠ ᠪᠠᠯᠭᠠᠰᠤᠨ ᠤ ᠤᠰᠤ ᠬᠡᠷᠡᠭᠯᠡᠬᠦ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ᠂ ᠤᠰᠤ | ᠬᠠᠩᠭᠠᠬᠤ ᠭᠤᠣᠯ ᠬᠤᠭᠤᠯᠠᠢ ᠶᠢᠨ ᠲᠣᠣᠷ ᠢ ᠨᠢᠭᠡᠨᠲᠡ ᠦᠨᠳᠦᠰᠦᠨ ᠳᠡᠭᠡᠨ ᠪᠡᠶᠡᠯᠡᠭᠦᠯᠵᠦ᠂ ᠬᠤᠲᠠ ᠪᠠᠯᠭᠠᠰᠤᠨ ᠤ | ᠤᠰᠤ ᠬᠠᠩᠭᠠᠬᠤ ᠬᠤᠭᠤᠯᠠᠢ ᠶᠢᠨ ᠲᠣᠣᠷ ᠢ ᠨᠢᠭᠡᠨᠲᠡ ᠲᠣᠭᠤᠷᠢᠯ ᠵᠠᠮ ᠲᠠᠢ ᠪᠣᠯᠭᠠᠭᠠᠳ᠂ ᠬᠤᠲᠠ ᠪᠠᠯᠭᠠᠰᠤᠨ ᠤ | ᠰᠠᠭᠤᠭᠠᠯᠢ ᠠᠷᠠᠳ᠂ ᠠᠯᠪᠠᠨ ᠤ ᠪᠦᠲᠦᠭᠡᠨ ᠪᠠᠶᠢᠭᠤᠯᠤᠯᠲᠠ᠂ ᠠᠵᠤ ᠦᠢᠯᠡᠳᠪᠦᠷᠢ ᠶᠢᠨ ᠬᠡᠷᠡᠭᠯᠡᠬᠦ ᠤᠰᠤ ᠶᠢ | ᠪᠠᠲᠤᠯᠠᠪᠠ᠃10 ᠵᠦᠢᠯ ᠤᠨ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠴᠢᠳᠠᠪᠤᠷᠢ ᠲᠠᠢ ᠤᠰᠤᠨ ᠤ ᠴᠢᠨᠠᠷ ᠢ | ᠰᠢᠨᠵᠢᠯᠡᠨ ᠰᠢᠯᠭᠠᠬᠤ ᠲᠠᠰᠤᠭ ᠢ ᠪᠠᠶᠢᠭᠤᠯᠵᠤ᠂ ᠦᠢᠯᠡᠳᠪᠦᠷᠢ ᠠᠴᠠ ᠭᠠᠷᠭᠠᠬᠤ ᠤᠰᠤᠨ ᠤ ᠴᠢᠨᠠᠷ ᠤᠨ ᠭᠦᠢᠴᠡᠳᠬᠡᠯ | ᠲᠤᠭ᠎ᠠ ᠶᠢ ᠰᠦᠯᠵᠢᠶᠡᠨ ᠳᠡᠭᠡᠷ᠎ᠡ ᠬᠢᠨᠠᠨ ᠪᠠᠶᠢᠴᠠᠭᠠᠬᠤ ᠶᠢ ᠪᠡᠶᠡᠯᠡᠭᠦᠯᠵᠦ᠂ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠠᠮᠤᠷ ᠲᠦᠪᠰᠢᠨ ᠤᠰᠤ᠂ ᠰᠠᠨᠠᠭ᠎ᠠ ᠠᠮᠤᠷ ᠤᠰᠤ ᠤᠤᠭᠤᠬᠤ ᠶᠢ ᠦᠨᠡᠨᠬᠦ ᠪᠠᠲᠤᠯᠠᠪᠠ᠃ | ᠭᠤᠷᠪᠠ ᠳᠤ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ 2019— | 2020 ᠣᠨ ᠳᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ | ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠵᠢᠷᠤᠵᠤ ᠲᠥᠯᠥᠪᠯᠡᠭᠰᠡᠨ ᠤᠰᠤ ᠨᠢ ᠨᠢᠭᠡᠳᠦᠭᠡᠷ ᠳᠡᠰ ᠤᠨ A | ᠪᠠᠷᠢᠮᠵᠢᠶ᠎ᠠ ᠳᠤ ᠬᠦᠷᠴᠦ᠂ ᠪᠣᠬᠢᠷ ᠰᠢᠪᠠᠷ ᠢ ᠰᠢᠢᠳᠪᠦᠷᠢᠯᠡᠭᠰᠡᠨ ᠨᠣᠷᠮ᠎ᠠ ᠨᠢ 100% ᠳᠤ ᠬᠥᠷᠪᠡ᠃ ᠬᠤᠲᠠ ᠶᠢᠨ | ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠠᠯᠠᠪᠠᠶ 1᠂ ᠲᠣᠮᠣ ᠬᠡᠯᠪᠡᠷᠢ ᠶᠢᠨ | ᠠᠪᠴᠢᠮᠠᠯ ᠮᠠᠶ᠋ᠢᠭ ᠤᠨ ᠬᠤᠭ ᠨᠣᠪᠰᠢ ᠶᠢᠨ ᠳᠠᠮᠵᠢᠭᠤᠯᠬᠤ ᠥᠷᠲᠡᠭᠡ 1 ᠶᠢ ᠪᠠᠶᠢᠭᠤᠯᠵᠤ᠂ ᠬᠤᠲᠠ ᠶᠢᠨ | ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠴᠢᠳᠠᠪᠤᠷᠢ ᠶᠢ ᠡᠳᠦᠷ ᠲᠤ 100 ᠲᠣᠨ | ᠬᠦᠷᠭᠡᠵᠦ᠂ 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠠᠮᠢᠳᠤᠷᠠᠯ ᠤᠨ ᠬᠤᠭ ᠨᠣᠪᠰᠢ ᠶᠢ | ᠬᠤᠣᠷ ᠦᠭᠡᠢ ᠪᠣᠯᠭᠠᠨ ᠰᠢᠢᠳᠪᠦᠷᠢᠯᠡᠬᠦ ᠬᠡᠮᠵᠢᠶ᠎ᠡ ᠶᠢ ᠪᠠᠷᠤᠭ 20260 ᠲᠣᠨ ᠪᠣᠯᠭᠠᠵᠤ᠂ ᠪᠥᠬᠦ ᠰᠢᠶᠠᠨ ᠤ | ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠨᠣᠷᠮ᠎ᠠ ᠶᠢ 100% ᠳᠤ | ᠬᠦᠷᠦᠭᠦᠯᠪᠡ᠃ | ᠳᠥᠷᠪᠡ ᠳᠤ᠂ ᠠᠮᠢ ᠠᠬᠤᠢ ᠶᠢᠨ ᠪᠣᠬᠢᠷᠲᠤᠯ ᠦᠭᠡᠢ ︽ᠨᠡᠶᠢᠲᠡᠯᠢᠭ ᠵᠢᠱᠢᠶ᠎ᠡ︾ ᠶᠢ ᠪᠤᠢ ᠪᠣᠯᠭᠠᠨ᠎ᠠ᠃ | ᠨᠢᠭᠡᠴᠡ ᠪᠣᠯᠣᠨ ᠰᠠᠭᠤᠭᠠᠯᠢ ᠲᠣᠭᠤᠷᠢᠭ ᠢᠶᠠᠷ ᠭᠤᠣᠯᠳᠠᠯᠭ᠎ᠠ ᠪᠣᠯᠭᠠᠭᠰᠠᠨ ᠬᠤᠲᠠ ᠪᠠᠯᠭᠠᠰᠤ ᠶᠢᠨ ︽ᠨᠣᠭᠤᠭᠠᠨ | ᠬᠦᠷᠢᠶᠡᠯᠡᠩ︾ ᠤᠨ ᠢᠨᠵᠧᠨᠧᠷᠢᠩ᠂ ᠰᠠᠭᠤᠭᠠᠯᠢ ᠠᠷᠠᠳ ᠤᠨ ︽ᠨᠣᠭᠤᠭᠠᠨ ᠥᠩᠭᠡ ᠶᠢ ᠣᠯᠵᠤ ᠬᠠᠷᠠᠬᠤ᠂ | ᠴᠡᠴᠡᠭ ᠤᠨ ᠦᠨᠦᠷ ᠢ ᠦᠨᠦᠷᠲᠦᠬᠦ᠂ ᠨᠣᠭᠤᠭᠠᠨ ᠤᠷᠭᠤᠮᠠᠯ ᠢ ᠡᠳ᠋ᠯᠡᠬᠦ︾ ᠶᠢ ᠬᠠᠩᠭᠠᠬᠤ ᠪᠠᠷ ᠡᠬᠢᠯᠡᠯᠲᠡ ᠪᠣᠯᠭᠠᠵᠤ᠂ | ︽ᠴᠡᠴᠡᠷᠯᠢᠭ ᠮᠠᠶ᠋ᠢᠭ ᠤᠨ ᠨᠢᠭᠡᠴᠡ ︵ᠰᠠᠭᠤᠭᠠᠯᠢ ᠲᠣᠭᠤᠷᠢᠭ︶︾ ᠶᠢ ᠡᠭᠦᠳᠦᠨ ᠪᠠᠶᠢᠭᠤᠯᠵᠤ ᠠᠳᠠᠯᠢᠳᠬᠠᠨ | ᠰᠢᠯᠭᠠᠷᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠳᠥᠷᠪᠡᠳᠦᠭᠡᠷ ᠳᠤᠮᠳᠠᠳᠤ ᠰᠤᠷᠭᠠᠭᠤᠯᠢ ᠪᠠ ᠵᠢᠦᠢ | ᠬᠤᠩ ᠬᠤᠸᠠ ᠹᠦ᠋ ᠰᠠᠭᠤᠭᠠᠯᠢ ᠲᠣᠭᠤᠷᠢᠭ ᠵᠡᠷᠭᠡ 11 ᠬᠤᠲᠠ ᠶᠢᠨ ᠲᠠᠰ ᠤᠨ ︽ᠴᠡᠴᠡᠷᠯᠢᠭ ᠮᠠᠶ᠋ᠢᠭ ᠤᠨ ᠨᠢᠭᠡᠴᠡ | ︵ᠰᠠᠭᠤᠭᠠᠯᠢ ᠲᠣᠭᠤᠷᠢᠭ︶︾ ᠶᠢ ᠭᠤᠶᠤᠴᠢᠯᠠᠨ ᠮᠡᠳᠡᠭᠦᠯᠵᠦ᠂ ᠨᠣᠭᠤᠭᠠᠨ ᠬᠥᠷᠥᠰᠥ ᠶᠢᠨ ᠨᠣᠷᠮ᠎ᠠ ᠶᠢ ᠴᠥᠮ | 30% ᠠᠴᠠ ᠳᠡᠭᠡᠭᠰᠢ ᠬᠦᠷᠭᠡᠵᠦ᠂ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠣᠷᠣᠨ | ᠰᠠᠭᠤᠴᠠ ᠶᠢᠨ ᠲᠣᠭᠤᠷᠢᠭ ᠤᠨ ᠨᠣᠭᠤᠭᠠᠨ ᠬᠥᠷᠥᠰᠥ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 95.24% ᠳᠤ | ᠬᠦᠷᠴᠦ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠳᠦᠬᠦᠬᠡᠷᠦᠮᠵᠢ ᠶᠢᠨ ᠨᠣᠭᠤᠭᠠᠨ ᠬᠥᠷᠥᠰᠥ ᠶᠢᠨ | ᠪᠠᠷᠢᠮᠵᠢᠶ᠎ᠠ ᠳᠤ ᠬᠦᠷᠦᠭᠰᠡᠨ ᠨᠣᠷᠮ᠎ᠠ 96.24% ᠳᠤ ᠬᠥᠷᠪᠡ᠃ | | | | |