ᠱᠠᠩᠳᠤ ᠰᠢᠶᠠᠨ ᠰᠠᠭᠤᠷᠢᠰᠢᠬᠤ ᠳᠤ ᠲᠣᠬᠢᠷᠠᠮᠵᠢᠲᠠᠢ ᠠᠵᠢᠯ ᠦᠢᠯᠡᠰ ᠲᠤ ᠲᠣᠬᠢᠷᠠᠮᠵᠢᠲᠠᠢ ᠵᠤᠭᠠᠴᠠᠬᠤ ᠳᠤ ᠲᠣᠬᠢᠷᠠᠮᠵᠢᠲᠠᠢ ᠠᠮᠢ ᠠᠬᠤᠢ ᠶᠢᠨ ᠬᠡᠯᠪᠡᠷᠢ ᠶᠢᠨ ᠰᠢᠶᠠᠨ ᠤ ᠬᠤᠳᠠ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2023/10/30
    ᠱᠠᠩᠳᠤ ᠰᠢᠶᠠᠨ ᠢ 2016 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠦᠯᠦᠭᠰᠡᠨ ᠰᠢᠶᠠᠨ ᠤ ᠬᠤᠲᠠ ᠪᠣᠯᠭᠠᠭᠰᠠᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠦᠯᠦᠭᠰᠡᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠠᠮᠢ ᠠᠬᠤᠢ ᠶᠢ ᠤᠷᠢᠳᠡᠪᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠬᠥᠬᠡᠮᠳᠦᠭ ᠨᠤᠭᠤᠭᠠᠨ ᠠᠭᠤᠯᠠ ᠤᠰᠤ ᠪᠣᠯ ᠠᠯᠲᠠᠨ ᠮᠥᠩᠭᠦᠨ ᠠᠭᠤᠯᠠ ᠤᠰᠤ ᠮᠥᠨ︾ ᠭᠡᠬᠦ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ᠳᠤᠲᠠᠭᠤᠳᠠᠯ ᠢ ᠤᠯᠠᠮ ᠴᠢᠨᠠᠭᠰᠢᠳᠡ ᠨᠦᠬᠦᠪᠦᠷᠢᠯᠡᠵᠤ᠂ ᠪᠠᠭᠤᠷᠠᠢ ᠳᠠᠯ᠎ᠠ ᠶᠢ ᠤᠯᠠᠮ ᠨᠢᠭᠡ ᠠᠯᠬᠤᠮ ᠬᠦᠴᠦᠷᠬᠡᠭᠵᠢᠬᠦᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠲᠤ ᠲᠣᠬᠢᠷᠠᠮᠵᠢᠲᠠᠢ ᠵᠤᠭᠠᠴᠠᠬᠤ  ᠳᠤ ᠳᠤᠬᠢᠷᠠᠮᠵᠢᠳᠡᠢ ᠠᠮᠢ ᠠᠬᠤᠢ ᠶᠢᠨ ᠬᠡᠯᠪᠡᠷᠢ ᠶᠢᠨ ᠰᠢᠶᠠᠨ ᠤ ᠬᠤᠲᠠ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃     ᠨᠢᠭᠡ ᠳᠤ ᠴᠡᠴᠡᠷᠯᠢᠭᠵᠢᠭᠦᠯᠦᠨ ᠨᠣᠭᠤᠭᠠᠷᠠᠭᠤᠯᠬᠤ ᠡᠷᠴᠢᠮ ᠢ ᠴᠢᠩᠭᠠᠷᠠᠭᠤᠯᠤᠨ᠎ᠠ᠃ ︽ᠨᠢᠭᠡ ᠵᠠᠮ ᠢ ᠰᠠᠶᠢᠲᠤᠷ ᠵᠠᠰᠠᠵᠤ᠂ ᠨᠢᠭᠡ ᠵᠠᠮ ᠢ ᠨᠣᠭᠤᠭᠠᠷᠠᠭᠤᠯᠬᠤ︾ ᠵᠠᠷᠴᠢᠮ ᠢ ᠪᠠᠷᠢᠮᠲᠠᠯᠠᠨ᠂ ᠠᠯᠬᠤᠮ ᠠᠯᠬᠤᠮ ᠢᠶᠠᠷ ᠨᠣᠭᠤᠭᠠᠷᠠᠭᠤᠯᠬᠤ᠂ ᠵᠠᠮ ᠱᠤᠭᠤᠮ ᠢ ᠦᠵᠡᠮᠵᠢ ᠲᠠᠢ ᠪᠣᠯᠭᠠᠬᠤ᠂ ᠦᠵᠡᠮᠵᠢ ᠶᠢ ᠠᠯᠬᠤᠮ ᠠᠯᠬᠤᠮ ᠢᠶᠠᠷ ᠰᠣᠯᠢᠬᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠣᠣᠷ ᠢ ᠦᠨᠳᠦᠰᠦᠨ ᠳᠡᠭᠡᠨ ᠪᠦᠷᠢᠯᠳᠦᠭᠦᠯᠵᠦ᠂ 10 ᠰᠠᠷ᠎ᠠ ᠶᠢᠨ 20 ᠤ ᠡᠳᠦᠷ ᠪᠣᠯᠲᠠᠯ᠎ᠠ᠂ ᠪᠥᠬᠦ ᠰᠢᠶᠠᠨ ᠤ ᠬᠤᠲᠠ ᠪᠠᠯᠭᠠᠰᠤᠨ ᠤ ᠵᠠᠮ ᠤᠨ ᠨᠣᠭᠤᠭᠠᠷᠠᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠪᠠ ᠨᠣᠭᠤᠭᠠᠷᠠᠭᠤᠯᠤᠯᠲᠠ ᠶᠢᠨ ᠲᠦᠭᠡᠮᠡᠯᠵᠢᠭᠦᠯᠦᠭᠰᠡᠨ ᠨᠣᠷᠮ᠎ᠠ ᠲᠣᠰ ᠲᠣᠰ 100% ᠪᠠ 94.1% ᠳᠤ ᠬᠦᠷᠴᠦ᠂ ᠣᠶ ᠰᠢᠭᠤᠢ ᠶᠢᠨ ᠰᠡᠭᠦᠳᠡᠷᠲᠦ ᠵᠠᠮ ᠢ ᠳᠡᠯᠭᠡᠷᠡᠭᠦᠯᠦᠭᠰᠡᠨ ᠨᠣᠷᠮ᠎ᠠ 64.5% ᠳᠤ ᠬᠥᠷᠪᠡ᠃ ᠴᠡᠴᠡᠷᠯᠢᠭ ᠤᠨ ᠵᠦᠯᠭᠡ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠶᠢ ᠳᠡᠭᠡᠭᠰᠢᠯᠡᠭᠦᠯᠦᠨ᠂ ᠵᠦᠯᠭᠡ ᠭᠠᠵᠠᠷ ᠤᠨ ᠨᠣᠷᠮ᠎ᠠ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ᠂ ᠬᠥᠮᠥᠨ ᠪᠦᠷᠢ ᠶᠢᠨ ᠳᠤᠮᠳᠠᠴᠢ ᠴᠡᠴᠡᠷᠯᠢᠭ ᠤᠨ ᠵᠦᠯᠭᠡ ᠭᠠᠵᠠᠷ ᠤᠨ ᠲᠠᠯᠠᠪᠠᠶ ᠵᠡᠷᠭᠡ ᠭᠤᠣᠯ ᠪᠣᠯᠬᠤ ᠨᠣᠭᠤᠭᠠᠷᠠᠭᠤᠯᠤᠯᠲᠠ ᠶᠢᠨ ᠭᠦᠢᠴᠡᠳᠬᠡᠯ ᠲᠤᠭ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠵᠦ᠂ ᠬᠥᠮᠥᠨ ᠪᠦᠷᠢ ᠶᠢᠨ ᠳᠤᠮᠳᠠᠴᠢ ᠴᠡᠴᠡᠷᠯᠢᠭ ᠤᠨ ᠵᠦᠯᠭᠡ ᠭᠠᠵᠠᠷ ᠤᠨ ᠲᠠᠯᠠᠪᠠᠶ ᠶᠢ ᠬᠦᠮᠦᠨ ᠪᠦᠷᠢ ᠳᠤ 17.2m ᠳᠤ ᠬᠦᠷᠦᠭᠦᠯᠦᠨ᠎ᠡ᠃     ᠬᠤᠶᠠᠷ ᠲᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠱᠠᠩᠳᠤ ᠰᠢᠶᠠᠨ 2003 ᠣᠨ ᠠᠴᠠ ᠡᠬᠢᠯᠡᠨ ᠬᠠᠭᠤᠴᠢᠨ ᠬᠤᠳᠠ ᠶᠢᠨ ᠲᠣᠭᠤᠷᠢᠭ ᠤᠨ ᠤᠰᠤ ᠬᠠᠩᠭᠠᠬᠤ ᠬᠤᠭᠤᠯᠠᠢ ᠶᠢᠨ ᠲᠣᠣᠷ ᠲᠤ ᠥᠭᠡᠷᠡᠴᠢᠯᠡᠯᠲᠡ ᠬᠢᠬᠦ ᠶᠢᠨ ᠬᠠᠮᠲᠤ ᠤᠰᠤ ᠲᠦᠭᠡᠭᠡᠬᠦ ᠦᠢᠯᠡᠳᠪᠦᠷᠢ᠂ ᠤᠰᠤᠨ ᠰᠤᠷᠪᠤᠯᠵᠢ ᠶᠢᠨ ᠭᠠᠵᠠᠷ ᠢ ᠥᠷᠭᠡᠳᠬᠡᠨ ᠪᠠᠶᠢᠭᠤᠯᠵᠤ᠂ 10 ᠰᠠᠷ᠎ᠠ ᠪᠣᠯᠲᠠᠯ᠎ᠠ ᠬᠠᠭᠤᠴᠢᠨ ᠬᠤᠳᠠ ᠶᠢᠨ ᠲᠣᠭᠤᠷᠢᠭ ᠤᠨ ᠤᠰᠤ ᠬᠠᠩᠭᠠᠬᠤ ᠭᠤᠣᠯ ᠱᠤᠭᠤᠮ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ ᠬᠤᠲᠠ ᠪᠠᠯᠭᠠᠰᠤ ᠳᠤ ᠣᠲᠣ ᠤᠰᠤ ᠴᠡᠪᠡᠷᠰᠢᠭᠦᠯᠬᠦ ᠦᠢᠯᠡᠳᠪᠦᠷᠢ 2᠂ ᠤᠰᠤᠨ ᠰᠤᠷᠪᠤᠯᠵᠢ ᠶᠢᠨ ᠭᠠᠵᠠᠷ 2 ᠪᠠᠶᠢᠵᠤ᠂ ᠬᠤᠶᠠᠷ ᠬᠠᠵᠠᠭᠤ ᠶᠢᠨ ᠤᠰᠤᠨ ᠰᠤᠷᠪᠤᠯᠵᠢ ᠶᠢᠨ ᠭᠠᠵᠠᠷ ᠲᠤ ᠨᠡᠶᠢᠲᠡ 24 ᠤᠰᠤᠨ ᠰᠤᠷᠪᠤᠯᠵᠢ ᠶᠢᠨ ᠬᠤᠳᠳᠤᠭ ᠪᠠᠶᠢᠵᠤ᠂ ᠶᠡᠷᠦᠩᠬᠡᠢ ᠤᠰᠤ ᠬᠠᠩᠭᠠᠬᠤ ᠴᠢᠳᠠᠪᠤᠷᠢ ᠨᠢ ᠡᠳᠦᠷ ᠪᠦᠷᠢ 2 ᠲᠦᠮᠡᠨ ᠲᠣᠨ ᠳᠤ ᠬᠦᠷᠴᠡᠢ᠃ ᠤᠰᠤ ᠬᠠᠩᠭᠠᠬᠤ ᠬᠡᠪᠴᠢᠶ᠎ᠡ ᠨᠢ ᠬᠤᠲᠠ ᠪᠠᠯᠭᠠᠰᠤᠨ ᠤ ᠤᠰᠤ ᠬᠡᠷᠡᠭᠯᠡᠬᠦ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ᠂ ᠤᠰᠤ ᠬᠠᠩᠭᠠᠬᠤ ᠭᠤᠣᠯ ᠬᠤᠭᠤᠯᠠᠢ ᠶᠢᠨ ᠲᠣᠣᠷ ᠢ ᠨᠢᠭᠡᠨᠲᠡ ᠦᠨᠳᠦᠰᠦᠨ ᠳᠡᠭᠡᠨ ᠪᠡᠶᠡᠯᠡᠭᠦᠯᠵᠦ᠂ ᠬᠤᠲᠠ ᠪᠠᠯᠭᠠᠰᠤᠨ ᠤ ᠤᠰᠤ ᠬᠠᠩᠭᠠᠬᠤ ᠬᠤᠭᠤᠯᠠᠢ ᠶᠢᠨ ᠲᠣᠣᠷ ᠢ ᠨᠢᠭᠡᠨᠲᠡ ᠲᠣᠭᠤᠷᠢᠯ ᠵᠠᠮ ᠲᠠᠢ ᠪᠣᠯᠭᠠᠭᠠᠳ᠂ ᠬᠤᠲᠠ ᠪᠠᠯᠭᠠᠰᠤᠨ ᠤ ᠰᠠᠭᠤᠭᠠᠯᠢ ᠠᠷᠠᠳ᠂ ᠠᠯᠪᠠᠨ ᠤ ᠪᠦᠲᠦᠭᠡᠨ ᠪᠠᠶᠢᠭᠤᠯᠤᠯᠲᠠ᠂ ᠠᠵᠤ ᠦᠢᠯᠡᠳᠪᠦᠷᠢ ᠶᠢᠨ ᠬᠡᠷᠡᠭᠯᠡᠬᠦ ᠤᠰᠤ ᠶᠢ ᠪᠠᠲᠤᠯᠠᠪᠠ᠃10 ᠵᠦᠢᠯ ᠤᠨ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠴᠢᠳᠠᠪᠤᠷᠢ ᠲᠠᠢ ᠤᠰᠤᠨ ᠤ ᠴᠢᠨᠠᠷ ᠢ ᠰᠢᠨᠵᠢᠯᠡᠨ ᠰᠢᠯᠭᠠᠬᠤ ᠲᠠᠰᠤᠭ ᠢ ᠪᠠᠶᠢᠭᠤᠯᠵᠤ᠂ ᠦᠢᠯᠡᠳᠪᠦᠷᠢ ᠠᠴᠠ ᠭᠠᠷᠭᠠᠬᠤ ᠤᠰᠤᠨ ᠤ ᠴᠢᠨᠠᠷ ᠤᠨ ᠭᠦᠢᠴᠡᠳᠬᠡᠯ ᠲᠤᠭ᠎ᠠ ᠶᠢ ᠰᠦᠯᠵᠢᠶᠡᠨ ᠳᠡᠭᠡᠷ᠎ᠡ ᠬᠢᠨᠠᠨ ᠪᠠᠶᠢᠴᠠᠭᠠᠬᠤ ᠶᠢ ᠪᠡᠶᠡᠯᠡᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠤᠷ ᠲᠦᠪᠰᠢᠨ ᠤᠰᠤ᠂ ᠰᠠᠨᠠᠭ᠎ᠠ ᠠᠮᠤᠷ ᠤᠰᠤ ᠤᠤᠭᠤᠬᠤ ᠶᠢ ᠦᠨᠡᠨᠬᠦ ᠪᠠᠲᠤᠯᠠᠪᠠ᠃     ᠭᠤᠷᠪᠠ ᠳᠤ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ 2019—2020 ᠣᠨ ᠳᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠵᠢᠷᠤᠵᠤ ᠲᠥᠯᠥᠪᠯᠡᠭᠰᠡᠨ ᠤᠰᠤ ᠨᠢ ᠨᠢᠭᠡᠳᠦᠭᠡᠷ ᠳᠡᠰ ᠤᠨ A ᠪᠠᠷᠢᠮᠵᠢᠶ᠎ᠠ ᠳᠤ ᠬᠦᠷᠴᠦ᠂ ᠪᠣᠬᠢᠷ ᠰᠢᠪᠠᠷ ᠢ ᠰᠢᠢᠳᠪᠦᠷᠢᠯᠡᠭᠰᠡᠨ ᠨᠣᠷᠮ᠎ᠠ ᠨᠢ 100% ᠳᠤ ᠬᠥᠷᠪᠡ᠃ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠲᠠᠯᠠᠪᠠᠶ 1᠂ ᠲᠣᠮᠣ ᠬᠡᠯᠪᠡᠷᠢ ᠶᠢᠨ ᠠᠪᠴᠢᠮᠠᠯ ᠮᠠᠶ᠋ᠢᠭ ᠤᠨ ᠬᠤᠭ ᠨᠣᠪᠰᠢ ᠶᠢᠨ ᠳᠠᠮᠵᠢᠭᠤᠯᠬᠤ ᠥᠷᠲᠡᠭᠡ 1 ᠶᠢ ᠪᠠᠶᠢᠭᠤᠯᠵᠤ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠴᠢᠳᠠᠪᠤᠷᠢ ᠶᠢ ᠡᠳᠦᠷ ᠲᠤ 100 ᠲᠣᠨ ᠬᠦᠷᠭᠡᠵᠦ᠂ 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠬᠡᠮᠵᠢᠶ᠎ᠡ ᠶᠢ ᠪᠠᠷᠤᠭ 20260 ᠲᠣᠨ ᠪᠣᠯᠭᠠᠵᠤ᠂ ᠪᠥᠬᠦ ᠰᠢᠶᠠᠨ ᠤ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠢ ᠪᠣᠯᠭᠠᠨ ᠰᠢᠢᠳᠪᠦᠷᠢᠯᠡᠬᠦ ᠨᠣᠷᠮ᠎ᠠ ᠶᠢ 100% ᠳᠤ ᠬᠦᠷᠦᠭᠦᠯᠪᠡ᠃     ᠳᠥᠷᠪᠡ ᠳᠤ᠂ ᠠᠮᠢ ᠠᠬᠤᠢ ᠶᠢᠨ ᠪᠣᠬᠢᠷᠲᠤᠯ ᠦᠭᠡᠢ ︽ᠨᠡᠶᠢᠲᠡᠯᠢᠭ ᠵᠢᠱᠢᠶ᠎ᠡ︾  ᠶᠢ ᠪᠤᠢ ᠪᠣᠯᠭᠠᠨ᠎ᠠ᠃ ᠨᠢᠭᠡᠴᠡ ᠪᠣᠯᠣᠨ ᠰᠠᠭᠤᠭᠠᠯᠢ ᠲᠣᠭᠤᠷᠢᠭ ᠢᠶᠠᠷ ᠭᠤᠣᠯᠳᠠᠯᠭ᠎ᠠ ᠪᠣᠯᠭᠠᠭᠰᠠᠨ ᠬᠤᠲᠠ ᠪᠠᠯᠭᠠᠰᠤ ᠶᠢᠨ ︽ᠨᠣᠭᠤᠭᠠᠨ ᠬᠦᠷᠢᠶᠡᠯᠡᠩ︾ ᠤᠨ ᠢᠨᠵᠧᠨᠧᠷᠢᠩ᠂ ᠰᠠᠭᠤᠭᠠᠯᠢ ᠠᠷᠠᠳ ᠤᠨ ︽ᠨᠣᠭᠤᠭᠠᠨ ᠥᠩᠭᠡ ᠶᠢ ᠣᠯᠵᠤ ᠬᠠᠷᠠᠬᠤ᠂ ᠴᠡᠴᠡᠭ ᠤᠨ ᠦᠨᠦᠷ ᠢ ᠦᠨᠦᠷᠲᠦᠬᠦ᠂ ᠨᠣᠭᠤᠭᠠᠨ ᠤᠷᠭᠤᠮᠠᠯ ᠢ ᠡᠳ᠋ᠯᠡᠬᠦ︾ ᠶᠢ ᠬᠠᠩᠭᠠᠬᠤ ᠪᠠᠷ ᠡᠬᠢᠯᠡᠯᠲᠡ ᠪᠣᠯᠭᠠᠵᠤ᠂ ︽ᠴᠡᠴᠡᠷᠯᠢᠭ ᠮᠠᠶ᠋ᠢᠭ ᠤᠨ ᠨᠢᠭᠡᠴᠡ ︵ᠰᠠᠭᠤᠭᠠᠯᠢ ᠲᠣᠭᠤᠷᠢᠭ︶︾ ᠶᠢ ᠡᠭᠦᠳᠦᠨ ᠪᠠᠶᠢᠭᠤᠯᠵᠤ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠳᠥᠷᠪᠡᠳᠦᠭᠡᠷ ᠳᠤᠮᠳᠠᠳᠤ ᠰᠤᠷᠭᠠᠭᠤᠯᠢ ᠪᠠ ᠵᠢᠦᠢ ᠬᠤᠩ ᠬᠤᠸᠠ ᠹᠦ᠋ ᠰᠠᠭᠤᠭᠠᠯᠢ ᠲᠣᠭᠤᠷᠢᠭ ᠵᠡᠷᠭᠡ 11 ᠬᠤᠲᠠ ᠶᠢᠨ ᠲᠠᠰ ᠤᠨ ︽ᠴᠡᠴᠡᠷᠯᠢᠭ ᠮᠠᠶ᠋ᠢᠭ ᠤᠨ ᠨᠢᠭᠡᠴᠡ ︵ᠰᠠᠭᠤᠭᠠᠯᠢ ᠲᠣᠭᠤᠷᠢᠭ︶︾ ᠶᠢ ᠭᠤᠶᠤᠴᠢᠯᠠᠨ ᠮᠡᠳᠡᠭᠦᠯᠵᠦ᠂ ᠨᠣᠭᠤᠭᠠᠨ ᠬᠥᠷᠥᠰᠥ ᠶᠢᠨ ᠨᠣᠷᠮ᠎ᠠ ᠶᠢ ᠴᠥᠮ 30% ᠠᠴᠠ ᠳᠡᠭᠡᠭᠰᠢ ᠬᠦᠷᠭᠡᠵᠦ᠂ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠨᠣᠭᠤᠭᠠᠨ ᠬᠥᠷᠥᠰᠥ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 95.24% ᠳᠤ ᠬᠦᠷᠴᠦ᠂ ᠬᠤᠲᠠ ᠪᠠᠯᠭᠠᠰᠤᠨ ᠤ ᠣᠯᠠᠨ ᠨᠡᠶᠢᠲᠡ ᠶᠢᠨ ᠳᠦᠬᠦᠬᠡᠷᠦᠮᠵᠢ ᠶᠢᠨ ᠨᠣᠭᠤᠭᠠᠨ ᠬᠥᠷᠥᠰᠥ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ 96.24% ᠳᠤ ᠬᠥᠷᠪᠡ᠃                      ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2