ᠶᠡᠷᠦᠩᠬᠡᠢ ᠪᠡᠯᠡ ᠣᠷᠣᠭᠤᠯᠤᠯᠲᠠ ᠨᠢ 60 ᠳ᠋ᠦᠩᠰᠢᠭᠤᠷ ᠲᠥᠭᠦᠷᠢᠭ ᠲᠤ ᠬᠦᠷᠴᠡᠢ︕ ᠵᠢᠨᠢᠩ ᠲᠣᠭᠤᠷᠢᠭ ᠤᠨ ᠨᠢᠭᠡᠨ ᠴᠢᠬᠤᠯᠠ ᠶᠡᠭᠡ ᠲᠦᠷᠦᠯ ᠵᠦᠢᠯ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2023/10/31
    10 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠰᠠᠨ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠵᠢᠯ ᠳᠤ 15 ᠲᠦᠮᠡᠨ ᠲᠣᠨ ᠯᠢᠲ᠋ᠢ ᠢᠶᠤᠨ ᠤ ᠪᠢᠯᠢᠭ ᠲᠤᠶᠢᠯ ᠤᠨ ᠮᠠᠲ᠋ᠧᠷᠢᠶᠠᠯ ᠦᠢᠯᠡᠳᠪᠦᠷᠢᠯᠡᠬᠦ ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠵᠦ ᠰᠠᠭᠤᠷᠢ ᠲᠠᠯᠪᠢᠬᠤ ᠶᠣᠰᠣᠯᠠᠯ ᠶᠠᠪᠤᠭᠳᠠᠪᠠ᠃ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠮᠧ ᠬᠠᠢ ᠮᠢᠩ ᠰᠠᠭᠤᠷᠢ ᠲᠠᠯᠪᠢᠬᠤ ᠶᠣᠰᠣᠯᠠᠯ ᠳᠤ ᠣᠷᠣᠯᠴᠠᠭᠰᠠᠨ ᠪᠥᠭᠡᠳ ᠲᠦᠷᠦᠯ ᠵᠦᠢᠯ ᠤᠨ ᠠᠵᠢᠯ ᠡᠬᠢᠯᠡᠭᠰᠡᠨ ᠢ ᠵᠠᠷᠯᠠᠪᠠ᠃     ᠮᠧ ᠬᠠᠢ ᠮᠢᠩ ᠪᠠᠶᠠᠷ ᠤᠨ ᠦᠭᠡ ᠳᠡᠭᠡᠨ᠂ ᠥᠪᠥᠷ ᠮᠣᠩᠭᠤᠯ ᠤᠨ ᠰᠠᠨ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠢᠨᠢᠩ ᠲᠣᠭᠤᠷᠢᠭ ᠲᠤ ᠣᠯᠠᠨ ᠵᠢᠯ ᠬᠥᠭᠵᠢᠵᠦ᠂ ᠯᠢᠲ᠋ᠢ ᠢᠶᠤᠨ ᠤ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠠᠵᠢᠯ ᠢ ᠲᠤᠰᠬᠠᠶᠢᠯᠠᠨ ᠬᠢᠵᠦ᠂ ᠨᠢᠭᠡᠨᠲᠡ ᠰᠢᠨ᠎ᠡ ᠡᠨᠧᠷᠭᠢ ᠶᠢᠨ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠭᠰᠠᠨ ᠪᠠᠶᠢᠨ᠎ᠠ᠃ ᠠᠵᠤ ᠠᠬᠤᠶᠢᠯᠠᠯ ᠲᠤᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ ᠠᠮᠵᠢᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ᠂ ᠥᠨᠳᠥᠷ ᠦᠷ᠎ᠡ ᠪᠦᠲᠦᠮᠵᠢ ᠲᠠᠢ ᠪᠠᠷ ᠠᠬᠢᠭᠤᠯᠬᠤ ᠶᠢ ᠬᠦᠰᠡᠵᠦ ᠪᠠᠶᠢᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠥᠭᠵᠢᠯᠲᠡ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠢᠯᠢᠳᠡᠭ ᠦᠢᠯᠡᠴᠢᠯᠡᠭᠡ ᠬᠠᠩᠭᠠᠵᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠰᠠᠨ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠲᠦᠷᠦᠯ ᠵᠦᠢᠯ ᠤᠨ ᠲᠣᠶᠢᠮᠣ ᠪᠠᠶᠢᠳᠠᠯ ᠢ ᠲᠠᠨᠢᠯᠴᠠᠭᠤᠯᠪᠠ︔ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠠᠮᠲᠤ ᠪᠠᠷ ᠲᠦᠷᠦᠯ ᠵᠦᠢᠯ ᠳᠤ ᠰᠠᠭᠤᠷᠢ ᠲᠠᠯᠪᠢᠵᠤ ᠰᠢᠷᠣᠢ ᠨᠡᠮᠡᠵᠡᠢ᠃     ᠥᠪᠥᠷ ᠮᠣᠩᠭᠤᠯ ᠤᠨ ᠰᠠᠨ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠵᠢᠯ ᠳᠤ 15 ᠲᠦᠮᠡᠨ ᠲᠣᠨ ᠯᠢᠲ᠋ᠢ ᠢᠶᠤᠨ ᠤ ᠪᠢᠯᠢᠭ ᠲᠤᠶᠢᠯ ᠤᠨ ᠮᠠᠲ᠋ᠧᠷᠢᠶᠠᠯ ᠢ ᠨᠢᠭᠡ ᠴᠣᠭᠴᠠᠵᠢᠭᠤᠯᠤᠨ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 60 ᠳ᠋ᠦᠩᠰᠢᠭᠤᠷ ᠲᠥᠭᠦᠷᠢᠭ ᠪᠠᠶᠢᠵᠤ᠂ ᠪᠠᠷᠤᠭ 420 ᠮᠦ ᠲᠠᠯᠠᠪᠠᠶ ᠶᠢ ᠡᠵᠡᠯᠡᠨ᠎ᠡ᠃ ᠲᠣᠰ ᠲᠥᠷᠥᠯ ᠤᠨ ᠪᠦᠲᠦᠭᠡᠨ ᠪᠠᠶᠢᠭᠤᠯᠤᠯᠲᠠ ᠨᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠰᠢᠨ᠎ᠡ ᠮᠠᠲ᠋ᠧᠷᠢᠶᠠᠯ ᠢ ᠵᠢᠨᠢᠩ ᠲᠣᠭᠤᠷᠢᠭ ᠤᠨ ᠲᠤᠯᠭᠠᠭᠤᠷᠢ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠪᠣᠯᠭᠠᠬᠤ ᠶᠢ ᠤᠯᠠᠮ ᠨᠢᠭᠡ ᠠᠯᠬᠤᠮ ᠪᠠᠲᠤᠳᠬᠠᠵᠤ᠂ ᠭᠠᠵᠠᠷ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2