ᠮᠠᠨ ᠤ ᠬᠤᠲᠠ ᠶᠢᠨ 2023 ᠣᠨ ᠤ ︽ᠪᠢ ᠴᠢᠮᠠᠶᠢ ᠬᠠᠪᠰᠤᠷᠤᠶ᠎ᠠ︾ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠯᠢᠶᠡᠩᠴᠧᠩ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/10/31
    ᠣᠶᠢᠷ᠎ᠠ ᠳᠤ᠂ ᠮᠠᠨ ᠤ ᠬᠤᠲᠠ ᠶᠢᠨ 2023 ᠣᠨ ᠤ ︽ᠪᠢ ᠴᠢᠮᠠᠶᠢ ᠬᠠᠪᠰᠤᠷᠤᠶ᠎ᠠ︾ ᠭᠡᠬᠦ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠯᠢᠶᠡᠩᠴᠧᠩ ᠰᠢᠶᠠᠨ ᠳᠤ ᠶᠠᠪᠤᠭᠳᠠᠪᠠ᠃ ᠤᠷᠤᠯᠳᠤᠭᠠᠨ ᠳᠤ ᠣᠷᠣᠯᠴᠠᠭᠰᠠᠳ PPT ᠦᠵᠡᠭᠦᠯᠦᠯᠭᠡ ᠂ ᠸᠢᠳᠢᠤ᠋ ᠪᠠᠷ ᠨᠡᠪᠲᠡᠷᠡᠭᠦᠯᠬᠦ ᠬᠡᠯᠪᠡᠷᠢ ᠪᠠᠷ ᠲᠣᠰ ᠲᠣᠰ ᠤᠨ ᠦᠢᠯᠡᠴᠢᠯᠡᠭᠡᠨ ᠤ ᠲᠥᠷᠥᠯ ᠵᠦᠢᠯ ᠤᠨ ᠣᠨᠴᠠᠯᠢᠭ ᠪᠠ ᠳᠠᠪᠠᠭᠤᠯᠢᠭ ᠢᠶᠠᠨ ᠳᠡᠯᠭᠡᠨ ᠦᠵᠡᠭᠦᠯᠪᠡ᠃ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠰᠢᠩ ᠾᠧ ᠰᠢᠶᠠᠨ ᠡᠴᠦᠰ ᠲᠡᠭᠡᠨ ᠨᠢᠭᠡᠳᠦᠭᠡᠷ ᠳᠡᠰ ᠤᠨ ᠱᠠᠩᠨᠠᠯ ᠭᠥᠷᠳᠡᠪᠡ᠃     ︽ᠨᠢᠭᠡᠳᠦᠭᠡᠷ ᠳᠡᠰ ᠤᠨ ᠱᠠᠩᠨᠠᠯ ᠭᠥᠷᠳᠡᠭᠰᠡᠨ ᠶᠠᠪᠤᠳᠠᠯ ᠪᠣᠯ ᠭᠤᠣᠯᠯᠠᠨ ᠡᠷᠭᠢᠯᠡᠭᠰᠡᠨ ᠲᠠᠯ᠎ᠠ ᠶᠢᠨ ᠬᠢᠨ ᠤ ᠮᠠᠨ ᠤ ᠠᠵᠢᠯ ᠢ ᠮᠡᠳᠡᠷᠡᠵᠦ ᠪᠠᠶᠢᠭ᠎ᠠ ᠶᠠᠪᠤᠳᠠᠯ ᠮᠥᠨ᠂ ᠬᠤᠶᠢᠰᠢᠳᠠ ᠪᠢᠳᠡ ᠡᠨᠡ ᠤᠳᠠᠭᠠᠨ ᠤ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠠᠮ ᠤᠨ ᠣᠨᠣᠯ ᠤᠨ ᠲᠠᠯ᠎ᠠ ᠪᠠᠷ ᠰᠢᠨ᠎ᠡ ᠶᠢ ᠡᠭᠦᠳᠬᠦ ᠶᠠᠪᠤᠳᠠᠯ ᠢ ᠡᠭᠡᠯ ᠠᠷᠠᠳ ᠤᠨ ᠭᠡᠷ ᠲᠤ ᠬᠦᠷᠭᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠮᠢᠳᠤᠯᠢᠭ ᠬᠦᠴᠦᠨ ᠪᠣᠯᠣᠨ ᠲᠤᠰᠬᠠᠶᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ︾ ᠭᠡᠵᠦ ᠰᠢᠩ ᠾᠧ ᠰᠢᠶᠠᠨ ᠤ ᠤᠷᠤᠯᠳᠤᠭᠠᠨ ᠳᠤ ᠣᠷᠣᠯᠴᠠᠬᠤ ᠲᠠᠮᠢᠷᠴᠢᠨ ᠼᠦᠢ ᠵᠢᠶᠧ ᠬᠡᠯᠡᠪᠡ᠃     ︽ᠲᠣᠰ ᠤᠳᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠨᠢ ᠪᠥᠬᠦ ᠬᠤᠲᠠ ᠶᠢᠨ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠪᠥᠬᠦ ᠲᠠᠯ᠎ᠠ ᠪᠠᠷ ᠰᠣᠯᠢᠯᠴᠠᠵᠤ ᠳᠡᠯᠭᠡᠨ ᠦᠵᠡᠭᠦᠯᠬᠦ᠂ ᠰᠤᠷᠤᠯᠴᠠᠵᠤ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠤᠨ ᠥᠭᠴᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠮᠠᠨ ᠤ ᠬᠤᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠪᠡ︾᠃ ᠯᠢᠶᠡᠩᠴᠧᠩ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠠᠰᠤᠭ ᠤᠨ ᠳᠠᠷᠤᠭ᠎ᠠ ᠯᠢ ᠰᠢᠶᠣᠣ ᠵᠢᠤᠸᠠᠨ᠂ ᠲᠤᠰ ᠤᠳᠠᠭ᠎ᠠ ᠶᠢᠨ ᠪᠦᠬᠦ ᠬᠤᠳᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠤᠷᠤᠯᠳᠤᠭᠠᠨ ᠢ ᠳᠠᠭᠠᠭᠠᠴᠢᠯᠠᠨ ᠡᠷᠬᠢᠯᠡᠬᠦ ᠪᠠᠷ ᠳᠠᠮᠵᠢᠭᠤᠯᠵᠤ᠂ ᠤᠯᠠᠨ ᠢᠶᠠᠷ ᠢᠶᠠᠨ ᠪᠠᠰᠠ ᠡᠭᠦᠨ ᠤ ᠳᠤᠮᠳᠠ ᠠᠴᠠ ᠮᠠᠰᠢ ᠤᠯᠠᠨ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠵᠤ᠂ ᠬᠤᠶᠢᠰᠢᠳᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠥᠷᠨᠢᠭᠦᠯᠬᠦ ᠳᠤ ᠮᠠᠰᠢ ᠤᠯᠠᠨ ᠰᠢᠨ᠎ᠡ ᠰᠡᠳᠬᠢᠴᠡ ᠪᠠ ᠰᠢᠨ᠎ᠡ ᠴᠢᠭᠯᠡᠯ ᠢ ᠠᠪᠴᠢᠷᠠᠭᠰᠠᠨ ᠪᠠᠶᠢᠨ᠎ᠠ ᠭᠡᠵᠦ ᠢᠯᠡᠳᠬᠡᠪᠡ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ 19 ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠣᠷᠣᠯᠴᠠᠵᠤ᠂ ᠲᠣᠰ ᠲᠥᠷᠥᠯ ᠵᠦᠢᠯ ᠨᠢ ᠲᠥᠷᠥ ᠶᠢᠨ ᠪᠣᠳᠣᠯᠭ᠎ᠠ ᠶᠢᠨ ᠣᠨᠣᠯ ᠤᠨ ᠤᠬᠠᠭᠤᠯᠭ᠎ᠠ᠂ ᠣᠨᠴᠠᠭᠠᠶ ᠬᠠᠮᠲᠤᠯᠢᠭ ᠢ ᠬᠠᠯᠠᠮᠵᠢᠯᠠᠬᠤ᠂ ᠪᠣᠯᠪᠠᠰᠤᠨ ᠬᠡᠪ ᠰᠤᠷᠲᠠᠯ᠂ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠣᠯᠠᠨ ᠦᠢᠯᠡᠴᠢᠯᠡᠭᠡᠨ ᠤ ᠬᠦᠷᠢᠶ᠎ᠡ ᠶᠢ ᠬᠠᠮᠤᠷᠴᠠᠢ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2