︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/31
ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ    ᠶᠠᠰᠤ ᠴᠢᠨᠠᠷ ᠢᠶᠠᠷ ᠤᠷᠮᠠᠰᠢᠭᠤᠯᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠡᠯ᠎ᠡ ᠠᠵᠢᠯ ᠲᠥᠷᠥᠯ ᠤᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭᠠᠳᠬᠠᠬᠤ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠵᠦᠢ ᠵᠣᠬᠢᠰᠲᠠᠢ ᠲᠣᠬᠢᠷᠠᠭᠤᠯᠤᠨ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠴᠤᠪᠤᠷᠠᠯ ᠢ ᠰᠢᠯᠢᠳᠡᠭᠵᠢᠭᠦᠯᠵᠦ᠂ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠤᠯᠠᠭᠠᠨᠴᠠᠪ ᠠᠯᠪᠠᠨ ᠲᠠᠷᠬᠠᠭᠠᠭᠰᠠᠨ ﹇2021﹈ 15 ᠳ᠋ᠤᠭᠠᠷ ᠲᠣᠭᠠᠲᠤ︶ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ︽ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ ᠰᠠᠨᠠᠯ︾ ︽ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ︿ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ﹀ ᠤᠨ ᠮᠡᠳᠡᠭᠳᠡᠯ︾ ᠪᠠ ︽ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠃ ᠭᠤᠷᠪᠠ᠂ ᠭᠤᠣᠯ ᠠᠭᠤᠯᠭ᠎ᠠ    ︵ᠨᠢᠭᠡ︶ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠠᠷᠭ᠎ᠠ︾ ᠨᠢ ᠨᠡᠶᠢᠲᠡ ᠲᠤᠯᠤᠭᠠᠨ ᠪᠦᠯᠦᠭ ᠬᠤᠷᠢᠨ ᠭᠤᠷᠪᠠᠨ ᠵᠦᠢᠯ ᠲᠠᠢ᠃ ᠨᠢᠭᠡᠳᠦᠭᠡᠷ ᠪᠦᠯᠦᠭ ᠶᠡᠷᠦᠩᠬᠡᠢ ᠳᠦᠷᠢᠮ ᠳᠤ ᠭᠤᠤᠯᠳᠠᠭᠤ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠠᠬᠤᠢ ᠪᠠᠶᠢᠳᠠᠯ᠂ ᠬᠡᠷᠡᠭᠯᠡᠬᠦ ᠬᠡᠪᠴᠢᠶ᠎ᠡ᠂ ᠰᠢᠯᠭᠠᠷᠠᠭᠤᠯᠬᠤ ᠴᠠᠭ ᠬᠤᠭᠤᠴᠠᠭ᠎ᠠ ᠵᠢᠴᠢ ᠱᠠᠩᠨᠠᠯ ᠣᠯᠭᠤᠭᠰᠠᠨ ᠶᠡᠷᠦᠩᠬᠡᠢ ᠲᠤᠭ᠎ᠠ ᠵᠡᠷᠭᠡ ᠶᠢ ᠲᠣᠳᠣᠷᠬᠠᠢ ᠲᠣᠭᠲᠠᠭᠠᠪᠠ᠃ ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠯᠳᠠ ᠶᠢᠨ ᠬᠠᠮᠢᠶᠠᠷᠤᠯᠳᠠ ᠳᠤ ᠭᠤᠣᠯᠳᠠᠭᠤ ᠤᠳᠤᠷᠢᠳᠬᠤ ᠳᠤᠭᠤᠶᠢᠯᠠᠩ ᠪᠠ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠭᠤᠣᠯ ᠲᠤᠰᠢᠶᠠᠯ ᠬᠠᠷᠢᠭᠤᠴᠠᠯᠭ᠎ᠠ ᠵᠢᠴᠢ ᠮᠡᠳᠡᠭᠦᠯᠦᠨ ᠲᠠᠨᠢᠯᠴᠠᠭᠤᠯᠬᠤ ᠨᠢᠭᠡᠴᠢ ᠶᠢ ᠳᠠᠶᠢᠴᠢᠯᠠᠬᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠭᠤᠷᠪᠠᠳᠤᠭᠠᠷ ᠪᠦᠯᠦᠭ ᠮᠡᠳᠡᠭᠦᠯᠬᠦ ᠨᠥᠬᠦᠴᠡᠯ ᠳᠤ ᠭᠤᠤᠯᠳᠠᠭᠤ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠨᠢᠭᠡᠴᠢ ᠶᠢᠨ ᠪᠦᠷᠢᠯᠳᠦᠭᠦᠯᠦᠭᠰᠡᠨ ᠨᠥᠬᠦᠴᠡᠯ ᠢ ᠳᠤᠳᠤᠷᠬᠠᠶᠢᠯᠠᠪᠠ᠃ ᠳᠥᠷᠪᠡᠳᠦᠭᠡᠷ ᠪᠦᠯᠦᠭ ᠤᠨ ᠬᠢᠨᠠᠨ ᠲᠣᠭᠲᠠᠭᠠᠬᠤ ᠶᠠᠪᠤᠴᠠ ᠳᠤ ᠭᠤᠤᠯᠳᠠᠭᠤ ᠮᠡᠳᠡᠭᠦᠯᠬᠦ᠂ ᠬᠢᠷᠢ ᠬᠡᠮ ᠢ ᠬᠢᠨᠠᠨ ᠪᠠᠶᠢᠴᠠᠭᠠᠬᠤ᠂ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠢ ᠶᠢᠨ ᠲᠠᠯᠠᠪᠤᠷ ᠲᠤ ᠬᠢᠨᠠᠨ ᠲᠣᠭᠲᠠᠭᠠᠬᠤ᠂ ᠲᠣᠭᠠᠴᠢᠨ ᠮᠠᠷᠭᠤᠬᠤ ᠵᠡᠷᠭᠡ 5 ᠠᠯᠬᠤᠮ ᠢ ᠳᠤᠳᠤᠷᠬᠠᠶᠢᠯᠠᠪᠠ᠃ ᠲᠠᠪᠤᠳᠤᠭᠠᠷ ᠪᠦᠯᠦᠭ ᠨᠢ ᠱᠠᠩᠨᠠᠨ ᠬᠥᠬᠢᠭᠦᠯᠬᠦ ᠪᠠᠷᠢᠮᠵᠢᠶ᠎ᠠ ᠬᠢᠭᠡᠳ ᠬᠡᠷᠡᠭᠴᠡᠭᠡ᠃ ᠵᠢᠷᠭᠤᠳᠤᠭᠠᠷ ᠪᠦᠯᠦᠭ ᠤᠨ ᠬᠢᠨᠠᠯᠲᠠ ᠲᠠᠯᠪᠢᠬᠤ ᠪᠠ ᠬᠠᠮᠢᠶᠠᠷᠬᠤ ᠳᠤ ᠱᠠᠩᠨᠠᠯ ᠣᠯᠣᠭᠰᠠᠨ ᠨᠢᠭᠡᠴᠢ ᠶᠢ ᠬᠠᠮᠢᠶᠠᠷᠬᠤ᠂ ᠬᠢᠨᠠᠬᠤ᠂ ᠤᠬᠠᠭᠤᠯᠬᠤ ᠵᠡᠷᠭᠡ ᠶᠢ ᠲᠣᠭᠲᠠᠭᠠᠪᠠ᠃ ᠳᠣᠯᠣᠳᠤᠭᠠᠷ ᠪᠦᠯᠦᠭ ᠨᠢ ᠳᠠᠭᠠᠯᠳᠤᠭᠤᠯᠤᠭᠰᠠᠨ ᠳᠦᠷᠢᠮ ᠪᠣᠯᠣᠨ᠎ᠠ᠂ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠭᠡᠵᠦ ᠲᠣᠭᠲᠠᠭᠠᠪᠠ᠃    ︵ᠬᠤᠶᠠᠷ︶ ᠭᠤᠣᠯᠳᠠᠭᠤ ᠬᠤᠪᠢ ᠬᠥᠮᠥᠨ ᠤ ᠱᠠᠩᠨᠠᠯ ᠤᠨ ᠵᠦᠢᠯ ᠤᠨ ᠪᠠᠶᠢᠷᠢᠯᠠᠭᠤᠯᠤᠯᠲᠠ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠬᠤ ᠱᠠᠩᠨᠠᠯ ᠤᠨ ᠪᠠᠶᠢᠷᠢᠯᠠᠭᠤᠯᠤᠯᠲᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠶᠢᠭᠤᠯᠤᠮᠵᠢ ᠶᠢᠨ ᠨᠡᠷᠡᠶᠢᠳᠦᠯ᠂ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ᠂ ᠤᠰᠤᠯ ᠠᠳᠡᠯ ᠪᠠ ᠢᠲᠡᠭᠡᠯ ᠠᠯᠳᠠᠭᠰᠠᠨ ᠠᠵᠢᠯᠯᠠᠭ᠎ᠠ ᠶᠢᠨ ᠲᠠᠰ᠂ ᠲᠣᠭᠠᠴᠢᠨ ᠮᠠᠷᠭᠤᠬᠤ ᠭᠤᠭᠴᠤᠭ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠢᠨᠠᠨ ᠵᠥᠪᠯᠡᠬᠦ ᠭᠤᠭᠴᠤᠭ᠎ᠠ ᠵᠡᠷᠭᠡ ᠠᠭᠤᠯᠭ᠎ᠠ ᠳᠤ ᠵᠠᠰᠠᠪᠤᠷᠢ ᠣᠷᠣᠭᠤᠯᠪᠠ᠃ ᠳᠥᠷᠪᠡ᠂ ᠬᠡᠷᠡᠭᠵᠢᠭᠦᠯᠬᠦ ᠠᠴᠢ ᠬᠤᠯᠪᠣᠭᠳᠠᠯ    ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠤᠨ ᠲᠣᠭᠤᠷᠢᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠥᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠶᠠᠰᠤ ᠴᠢᠨᠠᠷ ᠢᠶᠠᠷ ᠣᠷᠣᠶᠢᠯᠠᠬᠤ ᠶᠢ ᠪᠠᠷᠢᠮᠲᠠᠯᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃    ︵ᠬᠤᠶᠠᠷ︶ ︽ᠶᠠᠰᠤ ᠴᠢᠨᠠᠷ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ︾ ᠳᠠᠬᠢ ︽ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠶᠢᠨ ᠶᠠᠰᠤ ᠴᠢᠨᠠᠷ ᠤᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠶᠠᠰᠤ ᠴᠢᠨᠠᠷ ᠤᠨ ᠱᠠᠩᠨᠠᠯ ᠤᠨ ᠳᠦᠷᠢᠮ ᠢ ᠪᠦᠷᠢᠨᠰᠢᠭᠦᠯᠦᠨ᠂ ᠣᠷᠣᠨ ᠨᠤᠲᠤᠭ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠪᠰᠢᠭᠰᠠᠨ ᠶᠠᠰᠤ ᠴᠢᠨᠠᠷ ᠤᠨ ᠬᠠᠮᠢᠶᠠᠷᠤᠯᠲᠠ  ᠲᠠᠢ᠂  ᠳᠤᠪᠤᠶᠢᠮ᠎ᠠ ᠠᠮᠵᠢᠯᠲᠠ ᠪᠦᠲᠦᠮᠵᠢ ᠲᠠᠢ ᠵᠣᠬᠢᠶᠠᠨ ᠪᠠᠶᠢᠭᠤᠯᠤᠯᠳᠠ ᠳᠤ ᠵᠤᠷᠢᠭᠵᠢᠭᠤᠯᠤᠯ ᠦᠭᠭᠦ︾ ᠭᠤᠣᠯ ᠠᠭᠤᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃    ︵ᠭᠤᠷᠪᠠ︶ ︽ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ ᠰᠠᠨᠠᠯ︾ ᠪᠠ ︽ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠷᠡᠭᠵᠢᠭᠦᠯᠬᠦ ᠲᠥᠰᠥᠯ︾ ᠳᠠᠬᠢ ᠶᠠᠰᠤ ᠴᠢᠨᠠᠷ ᠢ ᠤᠷᠮᠠᠰᠢᠭᠤᠯᠬᠤ ᠲᠣᠭᠲᠠᠴᠠ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠠᠬᠢᠭᠤᠯᠵᠤ᠂ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2