ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠦᠮᠦᠵᠢᠯ᠄ ᠰᠦᠢ ᠸᠧᠢ ᠵᠢᠶᠦ᠋ᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2023/10/31
   10 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠡᠬᠢᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ︽ᠰᠢᠨ᠎ᠡ ᠵᠠᠮ ᠢ ᠨᠡᠭᠡᠭᠡᠬᠦ᠂ ᠠᠵᠤ ᠦᠢᠯᠡᠰ ᠢ ᠬᠥᠮᠥᠵᠢᠭᠦᠯᠬᠦ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ᠂ ᠣᠷᠣᠨ ᠳᠡᠪᠰᠢᠬᠦ ᠪᠠᠷ ᠴᠢᠷᠮᠠᠶᠢᠬᠤ᠂ ᠬᠤᠶᠠᠷ ᠲᠣᠮᠣ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ︾ ᠰᠡᠳᠦᠪ ᠢᠶᠠᠷ ᠪᠥᠬᠦ ᠬᠤᠲᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠤ ᠠᠮᠢᠳᠤᠯᠢᠭ ᠰᠠᠶᠢᠬᠠᠨ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ᠃    ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠲᠣᠭᠤᠷᠢᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠸᠧᠢ ᠱᠤᠸᠠᠨ ᠱᠢ ᠵᠢᠴᠢ ᠬᠡᠰᠡᠭ ᠪᠦᠷᠢᠯᠳᠦᠭᠦᠨ ᠬᠤᠷᠠᠯ ᠳᠤ ᠣᠷᠣᠯᠴᠠᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠷᠠᠯ ᠡᠷᠭᠢᠯᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠢ ᠬᠤᠸ ᠵᠡᠷᠭᠡ ᠬᠤᠲᠠ ᠶᠢᠨ ᠤᠳᠤᠷᠢᠳᠤᠯᠭ᠎ᠠ ᠣᠷᠣᠯᠴᠠᠵᠠᠢ᠃    ᠰᠦᠢ ᠸᠧᠢ ᠵᠢᠶᠦ᠋ᠨ ᠤᠯᠠᠨ ᠢ ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠠᠬᠢᠨ ᠡᠷᠭᠢᠴᠡᠭᠦᠯᠵᠦ᠂ ᠣᠳᠣᠬᠠᠨ ᠤ ᠪᠠᠶᠢᠳᠠᠯ ᠳᠤ ᠭᠦᠨᠵᠡᠭᠡᠢ ᠨᠠᠷᠢᠯᠢᠭ ᠵᠠᠳᠠᠯᠤᠯᠲᠠ ᠬᠢᠵᠡᠢ᠃ ᠲᠡᠷᠡ᠂ ᠪᠢᠳᠡ ᠡᠨᠡ ᠤᠳᠠᠭᠠᠨ ᠤ ᠭᠤᠣᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ ᠣᠨᠣᠪᠴᠢᠲᠠᠶ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠵᠤ ᠪᠠᠶᠢᠭ᠎ᠠ ᠬᠠᠯᠠᠮᠵᠢᠯᠠᠯ ᠪᠠ ᠬᠦᠰᠡᠯ ᠨᠠᠶᠢᠳᠠᠯᠭ᠎ᠠ ᠶᠢ ᠭᠦᠨ ᠣᠶᠢᠯᠠᠭᠠᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠳᠡᠭᠡᠷ᠎ᠡ ᠦᠷᠭᠦᠯᠵᠢᠯᠡᠨ ᠬᠦᠴᠦ ᠣᠷᠣᠭᠤᠯᠵᠤ᠂ ᠰᠡᠳᠬᠢᠯᠭᠡ ᠲᠠᠢ ᠪᠠᠷ ᠰᠤᠷᠤᠯᠴᠠᠵᠦ᠂ ᠬᠠᠷᠢᠭᠤᠴᠠᠯᠭ᠎ᠠ ᠲᠠᠢ ᠪᠠᠷ ᠠᠵᠢᠯᠯᠠᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠡᠷᠡᠰ ᠪᠠᠲᠤ ᠰᠢᠲᠦᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠵᠤ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢᠶᠠᠨ ᠦᠨᠡᠨᠬᠦ ᠴᠢᠩᠭᠠᠳᠬᠠᠬᠤ ᠬᠡᠷᠡᠭᠲᠡᠢ ᠭᠡᠵᠦ ᠬᠡᠯᠡᠪᠡ᠃    ᠰᠦᠢ ᠸᠧᠢ ᠵᠢᠶᠦ᠋ᠨ᠂ ᠡᠷᠬᠡᠪᠰᠢ ᠪᠠᠲᠤ ᠴᠢᠩᠭ᠎ᠠ ᠪᠠᠷᠢᠮᠲᠠᠯᠠᠬᠤ ᠪᠠᠷ ᠴᠥᠬᠦᠷᠡᠰᠢ ᠦᠭᠡᠢ ᠴᠢᠷᠮᠠᠶᠢᠵᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠬᠤᠶᠠᠷ ᠲᠣᠮᠣ ᠶᠠᠪᠤᠳᠠᠯ ᠢ ᠰᠠᠶᠢᠲᠤᠷ ᠬᠢᠬᠦ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠤᠲᠤᠭ ᠤᠰᠤ ᠪᠠᠨ ᠰᠠᠬᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠶᠠᠰᠤ ᠴᠢᠨᠠᠷ ᠢ ᠳᠡᠭᠡᠭᠰᠢᠯᠡᠭᠦᠯᠦᠨ ᠨᠡᠮᠡᠭᠳᠡᠯ ᠢ ᠨᠡᠮᠡᠭᠳᠡᠭᠦᠯᠬᠦ ᠶᠢ ᠪᠠᠷᠢᠮᠲᠠᠯᠠᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠥᠨᠳᠥᠷ ᠲᠤ ᠵᠣᠭᠰᠣᠨ ᠠᠯᠤᠰ ᠢ ᠪᠠᠷᠠᠯᠠᠬᠤ ᠶᠢ ᠪᠠᠷᠢᠮᠲᠠᠯᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠤᠯᠠᠭᠠᠨᠴᠠᠪ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠬᠡᠯᠡᠪᠡ᠃    ᠰᠦᠢ ᠸᠧᠢ ᠵᠢᠶᠦ᠋ᠨ᠂ ᠪᠦᠬᠦ ᠬᠤᠳᠠ ᠶᠢᠨ ᠡᠯ᠎ᠡ ᠱᠠᠲᠤᠨ ᠤ ᠬᠢᠨ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠴᠢᠯᠦᠭᠡᠯᠡᠵᠦ᠂ ᠵᠣᠷᠢᠭᠲᠠᠢ ᠪᠠᠷ ᠬᠥᠮᠥᠨ ᠠᠴᠠ ᠡᠮᠦᠨ᠎ᠡ ᠰᠢᠨ᠎ᠡ ᠵᠠᠮ ᠢ ᠨᠡᠭᠡᠭᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ᠂ ᠬᠤᠶᠠᠷ  ᠲᠣᠮᠣ ᠶᠠᠪᠤᠳᠠᠯ ᠤᠨ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃    ᠲᠤᠰᠬᠠᠢ ᠰᠡᠳᠦᠪᠲᠦ ᠨᠠᠮ ᠤᠨ ᠬᠢᠴᠢᠶᠡᠯ ᠢ ᠸᠢᠳᠢᠤ᠋ ᠬᠡᠯᠪᠡᠷᠢ ᠪᠠᠷ ᠶᠠᠪᠤᠭᠳᠠᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2