︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ | ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ | ᠬᠥᠭᠵᠢᠭᠦᠯᠦᠯᠲᠡ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ〔2012〕2492 ᠳ᠋ᠤᠭᠠᠷ ᠲᠣᠭᠠᠲᠤ︶᠂ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠠᠯᠪᠠᠨ ᠲᠢᠩᠬᠢᠮ ᠤᠨ ︽ᠴᠢᠬᠤᠯᠠ ᠶᠡᠭᠡ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ | ᠲᠦᠭᠰᠢᠭᠦᠷᠢ ᠶᠢᠨ ᠵᠠᠳᠠᠯᠤᠯᠲᠠ ᠶᠢᠨ ᠪᠢᠴᠢᠭ ᠪᠠ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ | ᠬᠥᠲᠥᠯᠪᠦᠷᠢ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠥᠭᠵᠢᠭᠦᠯᠦᠯᠲᠡ | ᠥᠭᠡᠷᠡᠴᠢᠯᠡᠯᠲᠡ ᠪᠡᠯᠡ ᠣᠷᠣᠭᠤᠯᠤᠯᠲᠠ ﹇2013﹈ 428 ᠳ᠋ᠤᠭᠠᠷ ᠲᠣᠭᠠᠲᠤ︶᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠤ | ᠲᠦᠭᠰᠢᠭᠦᠷᠢ ᠶᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠥᠪᠥᠷ ᠨᠠᠮ ᠠᠯᠪᠠᠨ | ᠲᠠᠷᠬᠠᠭᠠᠭᠰᠠᠨ ﹇2021﹈ 7 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠵᠦ᠂ ᠡᠳᠦᠭᠡ ᠥᠪᠥᠷ | ᠮᠣᠩᠭᠤᠯ ᠤᠨ ᠺᠦᠨ ᠶᠤᠸᠠᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ | ᠭᠠᠷ ᠳᠠᠮᠵᠢᠭᠰᠠᠨ ᠮᠠᠰᠢᠨ ᠲᠡᠷᠭᠡ ᠵᠢᠴᠢ ᠬᠥᠮᠥᠷᠭᠡᠯᠡᠨ ᠬᠠᠳᠠᠭᠠᠯᠠᠬᠤ ᠲᠥᠪ ᠤᠨ ᠲᠥᠷᠥᠯ ᠵᠦᠢᠯ ᠤᠨ ᠦᠨᠳᠦᠰᠦᠨ | ᠪᠠᠶᠢᠳᠠᠯ ᠵᠢᠴᠢ ᠬᠤᠯᠪᠣᠭᠳᠠᠭᠰᠠᠨ ᠠᠭᠤᠯᠭ᠎ᠠ ᠶᠢ ᠢᠯᠡ ᠨᠡᠶᠢᠲᠡᠯᠡᠬᠦ ᠶᠢᠨ ᠬᠠᠮᠲᠤ ᠣᠯᠠᠨ ᠲᠦᠮᠡᠨ ᠤ ᠰᠠᠨᠠᠯ | ᠰᠠᠨᠠᠭᠤᠯᠭ᠎ᠠ ᠶᠢ ᠬᠤᠷᠢᠶᠠᠬᠤ ᠪᠠᠷ ᠪᠤᠢ᠃ | ᠨᠢᠭᠡ᠂ ᠲᠥᠷᠥᠯ ᠵᠦᠢᠯ ᠤᠨ ᠲᠣᠶᠢᠮᠣ ᠪᠠᠶᠢᠳᠠᠯ | 1. ᠲᠥᠷᠥᠯ ᠵᠦᠢᠯ ᠤᠨ ᠨᠡᠷᠡᠶᠢᠳᠦᠯ᠄ ᠥᠪᠥᠷ ᠮᠣᠩᠭᠤᠯ ᠤᠨ ᠺᠦᠨ ᠶᠤᠸᠠᠢ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠭᠠᠷ ᠳᠠᠮᠵᠢᠭᠰᠠᠨ ᠮᠠᠰᠢᠨ ᠲᠡᠷᠭᠡ ᠵᠢᠴᠢ ᠬᠥᠮᠥᠷᠭᠡᠯᠡᠨ | ᠬᠠᠳᠠᠭᠠᠯᠠᠬᠤ ᠲᠥᠪ ᠤᠨ ᠲᠥᠷᠥᠯ ᠵᠦᠢᠯ᠃ | 2. ᠲᠥᠷᠥᠯ ᠵᠦᠢᠯ ᠤᠨ ᠨᠢᠭᠡᠴᠢ᠄ ᠥᠪᠥᠷ ᠮᠣᠩᠭᠤᠯ ᠤᠨ ᠺᠦᠨ ᠶᠤᠸᠠᠢ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠠᠷᠠᠯᠵᠢᠶᠠᠨ ᠤ ᠬᠢᠵᠠᠭᠠᠷᠲᠤ ᠺᠣᠮᠫᠠᠨᠢ᠃ | 3. ᠪᠦᠲᠦᠭᠡᠨ ᠪᠠᠶᠢᠭᠤᠯᠬᠤ ᠭᠠᠵᠠᠷ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ | ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭ᠎ᠠ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ | ᠲᠣᠭᠤᠷᠢᠭ ᠤᠨ ᠳᠣᠯᠣᠳᠤᠭᠠᠷ ᠰᠤᠮᠤᠨ ᠤ ᠣᠯᠠᠨ ᠤᠯᠤᠰ ᠤᠨ ᠪᠠᠷᠠᠭ᠎ᠠ ᠭᠦᠢᠯᠭᠡᠭᠡᠨ ᠤ ᠬᠦᠷᠢᠶᠡᠯᠡᠩ ᠤᠨ ᠳᠣᠲᠣᠷ᠎ᠠ᠃ | 4. ᠶᠡᠷᠦᠩᠬᠡᠢ ᠪᠡᠯᠡ ᠣᠷᠣᠭᠤᠯᠤᠯᠲᠠ᠄ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ | ᠪᠡᠯᠡ ᠣᠷᠣᠭᠤᠯᠤᠯᠲᠠ ᠨᠢ 12500 ᠲᠦᠮᠡᠨ ᠲᠥᠭᠦᠷᠢᠭ᠃ | 5. ᠪᠦᠲᠦᠭᠡᠨ ᠪᠠᠶᠢᠭᠤᠯᠬᠤ ᠬᠡᠪᠴᠢᠶ᠎ᠡ ᠬᠢᠭᠡᠳ ᠠᠭᠤᠯᠭ᠎ᠠ᠄ ᠲᠤᠰ ᠲᠥᠷᠥᠯ ᠵᠦᠢᠯ ᠤᠨ ᠶᠡᠷᠦᠩᠬᠡᠢ ᠡᠵᠡᠯᠡᠬᠦ | ᠲᠠᠯᠠᠪᠠᠢ ᠨᠢ 46620m2︵71 ᠮᠦ︶᠂ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 32000m2᠂ | ᠪᠠᠷᠢᠯᠭ᠎ᠠ ᠶᠢᠨ ᠡᠵᠡᠯᠡᠬᠦ ᠲᠠᠯᠠᠪᠠᠢ ᠨᠢ 30000m2᠂ ᠪᠠᠭᠲᠠᠭᠠᠮᠵᠢ ᠶᠢᠨ ᠨᠤᠷᠮ᠎ᠠ ᠨᠢ 0.69 ᠪᠣᠯᠣᠨ᠎ᠠ᠃ | ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ 1 ᠦᠢᠯᠡᠳᠪᠦᠷᠢ ᠶᠢᠨ ᠲᠠᠰᠤᠭ᠂ 8 ᠪᠠᠷᠢᠮᠵᠢᠶᠠᠲᠤ ᠬᠥᠮᠥᠷᠭᠡ᠂ 1 | 3 ᠳᠠᠪᠬᠤᠷ ᠠᠯᠪᠠᠯᠠᠬᠤ ᠠᠰᠠᠷ ᠵᠢᠴᠢ ᠵᠣᠬᠢᠬᠤ ᠰᠠᠭᠤᠷᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠵᠡᠷᠭᠡ ᠶᠢ ᠪᠠᠭᠲᠠᠭᠠᠨ᠎ᠠ᠃ ᠲᠤᠰ ᠲᠦᠷᠦᠯ ᠵᠦᠢᠯ ᠳᠤ ᠠᠵᠢᠯᠯᠠᠬᠤ ᠦᠢᠯᠡᠳᠪᠦᠷᠢ ᠶᠢᠨ ᠲᠣᠭᠤᠷᠢᠭ ︵ | ᠬᠠᠮᠢᠶᠠᠷᠤᠯᠲᠠ ᠶᠢᠨ ᠲᠣᠭᠤᠷᠢᠭ᠂ ᠵᠠᠳᠠᠯᠬᠤ ᠲᠣᠭᠤᠷᠢᠭ᠂ ᠬᠠᠳᠠᠭᠠᠯᠠᠬᠤ ᠲᠣᠭᠤᠷᠢᠭ᠂ ᠪᠣᠬᠢᠷᠲᠤᠯ ᠢ ᠬᠢᠵᠠᠭᠠᠷᠯᠠᠬᠤ | ᠲᠣᠭᠤᠷᠢᠭ᠂ ᠠᠵᠢᠯᠯᠠᠬᠤ ᠲᠣᠭᠤᠷᠢᠭ︶᠂ ᠠᠵᠢᠯᠲᠠᠨ ᠠᠵᠢᠯᠴᠢᠨ ᠤ ᠠᠮᠢᠳᠤᠷᠠᠯ ᠤᠨ ᠲᠣᠭᠤᠷᠢᠭ ᠪᠠ ᠭᠠᠳᠠᠭᠠᠳᠤ | ᠣᠷᠣᠭᠤᠯᠤᠯᠲᠠ ᠭᠠᠷᠭᠠᠯᠲᠠ ᠶᠢᠨ ᠡᠳ᠋ ᠪᠠᠷᠠᠭ᠎ᠠ ᠶᠢ ᠬᠥᠮᠥᠷᠭᠡᠯᠡᠨ ᠬᠠᠳᠠᠭᠠᠯᠠᠬᠤ ᠲᠣᠭᠤᠷᠢᠭ ᠵᠡᠷᠭᠡ ᠴᠢᠳᠠᠮᠵᠢᠲᠤ | ᠣᠷᠣᠨ ᠢ ᠪᠠᠶᠢᠭᠤᠯᠬᠤ ᠪᠣᠯᠣᠨ᠎ᠠ᠃ | ᠬᠤᠶᠠᠷ᠂ ᠠᠩᠬ᠎ᠠ ᠠᠯᠬᠤᠮ ᠲᠣᠭᠲᠠᠭᠠᠭᠰᠠᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠭᠤᠣᠯ ᠪᠣᠯᠬᠤ | ᠬᠦᠴᠦᠨ ᠵᠦᠢᠯ ᠢ ᠦᠨᠡᠯᠡᠨ ᠵᠢᠱᠢᠨ᠎ᠡ | 1. ᠲᠥᠷᠥᠯ ᠵᠦᠢᠯ ᠤᠨ ᠬᠠᠤᠯᠢ ᠶᠣᠰᠣᠴᠢ ᠴᠢᠨᠠᠷ᠂ ᠪᠣᠯᠣᠮᠵᠢᠲᠤ ᠴᠢᠨᠠᠷ᠃ | 2. ᠪᠦᠲᠦᠭᠡᠨ ᠪᠠᠶᠢᠭᠤᠯᠤᠯᠲᠠ ᠶᠢᠨ ᠨᠢᠭᠡᠴᠢ ᠠᠴᠠ ᠠᠵᠢᠯᠴᠢᠨ ᠤ ᠴᠠᠯᠢᠩ ᠢ ᠥᠷᠢᠲᠦᠭᠰᠡᠨ ᠠᠴᠠ ᠪᠣᠯᠵᠤ | ᠡᠬᠦᠰᠴᠦ ᠮᠡᠳᠡᠬᠦ ᠬᠠᠮᠲᠤᠯᠢᠭ ᠤᠨ ᠴᠢᠨᠠᠷᠲᠠᠢ ᠬᠡᠷᠡᠭ᠃ | 3. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠪᠠ ᠡᠵᠡᠩᠨᠡᠯᠲᠡ ᠶᠢᠨ | ᠬᠤᠭᠤᠴᠠᠭᠠᠨ ᠳᠠᠬᠢ ᠱᠤᠤᠭᠢᠶᠠᠨ ᠤ ᠪᠣᠬᠢᠷᠲᠤᠯ᠂ ᠨᠠᠷᠢᠨ ᠲᠣᠭᠤᠰᠣᠨ ᠤ ᠪᠣᠬᠢᠷᠲᠤᠯ᠂ ᠵᠠᠮ ᠬᠠᠷᠢᠯᠴᠠᠭᠠᠨ ᠤ | ᠨᠥᠯᠥᠭᠡ ᠵᠡᠷᠭᠡ ᠠᠴᠠ ᠪᠤᠯᠵᠤ ᠡᠭᠦᠰᠴᠦ ᠮᠡᠳᠡᠬᠦ ᠬᠠᠮᠲᠤᠯᠢᠭ ᠤᠨ ᠴᠢᠨᠠᠷᠲᠠᠢ ᠬᠡᠷᠡᠭ᠃ | 4. ᠲᠥᠷᠥᠯ ᠵᠦᠢᠯ ᠤᠨ ᠪᠠᠷᠢᠯᠭ᠎ᠠ ᠪᠠᠷᠢᠬᠤ ᠬᠤᠭᠤᠴᠠᠭᠠᠨ ᠤ ᠪᠠᠷᠢᠯᠭ᠎ᠠ ᠪᠠᠷᠢᠬᠤ ᠬᠠᠮᠢᠶᠠᠷᠤᠯᠲᠠ᠂ ᠨᠡᠶᠢᠭᠡᠮ ᠤᠨ | ᠠᠮᠤᠷ ᠬᠠᠮᠠᠭᠠᠯᠠᠯᠳᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠲᠦᠭᠰᠢᠭᠦᠷᠢ ᠠᠴᠠ ᠪᠤᠯᠵᠤ ᠡᠬᠦᠰᠴᠦ ᠮᠡᠳᠡᠬᠦ | ᠲᠦᠭᠰᠢᠭᠦᠷᠢ ᠶᠢᠨ ᠬᠡᠷᠡᠭ᠃ | ᠭᠤᠷᠪᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ | ᠢᠯᠡ ᠨᠡᠶᠢᠲᠡᠯᠡᠬᠦ ᠡᠲᠡᠭᠡᠳ ᠪᠣᠯ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠬᠦᠷᠢᠶ᠎ᠡ ᠴᠠᠷᠠᠭ᠎ᠠ ᠳᠣᠲᠣᠷᠠᠬᠢ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠨᠥᠯᠥᠭᠡ ᠶᠢ | ᠭᠥᠷᠳᠡᠵᠦ ᠮᠡᠳᠡᠬᠦ ᠣᠯᠠᠨ ᠲᠦᠮᠡᠨ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ᠎ᠠ᠂ ᠲᠣᠰ ᠲᠥᠷᠥᠯ | ᠵᠦᠢᠯ ᠤᠨ ᠬᠤᠯᠪᠣᠭᠳᠠᠯ ᠪᠦᠬᠦᠢ ᠠᠵᠢᠯ ᠤᠨ ᠲᠤᠬᠠᠢ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ | ᠰᠤᠨᠤᠰᠬᠤ ᠶᠢᠨ ᠲᠤᠰᠠᠳᠠ᠂ ᠣᠨᠴᠠᠭᠠᠶᠢᠯᠠᠨ ᠢᠯᠡ ᠨᠡᠶᠢᠲᠡᠯᠡᠵᠦ᠂ ᠣᠯᠠᠨ ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ | ᠬᠤᠷᠢᠶᠠᠨ᠎ᠠ᠄ | 1. ᠲᠤᠰ ᠵᠦᠢᠯᠡᠰ ᠤᠨ ᠪᠦᠲᠦᠭᠡᠨ ᠪᠠᠶᠢᠭᠤᠯᠤᠯᠲᠠ ᠳᠤ ᠬᠠᠨᠳᠤᠵᠤ ᠪᠠᠶᠢᠭ᠎ᠠ ᠣᠪᠣᠷ ᠪᠠ ᠰᠠᠨᠠᠯ᠃ | 2. ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠳᠤ ᠭᠠᠷᠴᠤ ᠮᠡᠳᠡᠬᠦ ᠨᠡᠶᠢᠭᠡᠮ ᠤᠨ | ᠲᠣᠭᠲᠠᠭᠤᠨ ᠤ ᠲᠦᠭᠰᠢᠭᠦᠷᠢ ᠪᠠ ᠨᠥᠯᠥᠭᠡ ᠶᠢᠨ ᠲᠤᠬᠠᠢ ᠦᠵᠡᠯᠲᠡ᠃ | 3. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠲᠤ ᠲᠤᠷᠠᠳᠬᠤ ᠪᠤᠰᠤᠳ ᠰᠠᠨᠠᠯ ᠪᠠ ᠰᠠᠨᠠᠭᠤᠯᠭ᠎ᠠ᠃ | ᠳᠥᠷᠪᠡ᠂ ᠢᠯᠡ ᠨᠡᠶᠢᠲᠡᠯᠡᠬᠦ ᠲᠣᠳᠣᠷᠬᠠᠶᠢᠯᠠᠯᠲᠠ | 1. ᠣᠯᠠᠨ ᠨᠡᠶᠢᠲᠡ ᠠᠴᠠ ᠵᠠᠬᠢᠳᠠᠯ᠂ ᠳ᠋ᠢᠶᠠᠩᠬᠤᠸᠠ᠂ ᠡᠯᠧᠺᠲᠷᠣᠨ ᠰᠢᠤᠳᠠᠨ ᠤ ᠵᠦᠢᠯ ᠵᠡᠷᠭᠡ ᠬᠡᠯᠪᠡᠷᠢ ᠪᠠᠷ | ᠳᠠᠮᠵᠢᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠤᠶᠤ ᠨᠡᠶᠢᠭᠡᠮ ᠤᠨ ᠲᠣᠭᠲᠠᠭᠤᠨ ᠤ | ᠲᠦᠭᠰᠢᠭᠦᠷᠢ ᠶᠢ ᠦᠨᠡᠯᠡᠨ ᠵᠢᠱᠢᠬᠦ ᠨᠢᠭᠡᠴᠢ ᠳᠤ ᠰᠠᠨᠠᠯ ᠪᠤᠶᠤ ᠰᠠᠨᠠᠭᠤᠯᠭ᠎ᠠ ᠪᠠᠨ ᠬᠠᠷᠢᠭᠤ ᠲᠤᠰᠬᠠᠵᠤ ᠪᠣᠯᠣᠨ᠎ᠠ᠃ | 2. ᠣᠯᠠᠨ ᠨᠡᠶᠢᠲᠡ ᠠᠴᠠ ᠬᠡᠷᠪᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ | ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠰᠠᠨᠠᠯ ᠪᠤᠶᠤ ᠰᠠᠨᠠᠭᠤᠯᠭ᠎ᠠ ᠪᠠᠶᠢᠪᠠᠯ᠂ ᠢᠯᠡ ᠨᠡᠶᠢᠲᠡᠯᠡᠬᠦ ᠦᠶᠡᠯᠡᠯ ᠤᠨ | ᠬᠤᠭᠤᠴᠠᠭᠠᠨ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠤᠶᠤ ᠨᠡᠶᠢᠭᠡᠮ ᠤᠨ ᠲᠣᠭᠲᠠᠭᠤᠨ | ᠤ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠭᠰᠠᠨ ᠨᠢᠭᠡᠴᠢ ᠳᠤ ᠳᠤᠷᠠᠳᠴᠤ | ᠪᠣᠯᠣᠨ᠎ᠠ᠂ ᠪᠢᠴᠢᠭᠯᠡᠭᠰᠡᠨ ᠰᠠᠨᠠᠯ ᠢᠶᠠᠨ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ | ᠮᠥᠴᠢᠷ ᠲᠤ ᠠᠰ ᠲᠤᠨᠢ ᠬᠠᠭᠤᠯᠤᠨ ᠬᠦᠷᠭᠡᠭᠰᠡᠨ ᠴᠦ ᠪᠣᠯᠣᠨ᠎ᠠ᠃ | ᠲᠠᠪᠤ᠂ ᠢᠯᠡ ᠨᠡᠶᠢᠲᠡᠯᠡᠬᠦ ᠬᠤᠭᠤᠴᠠᠭ᠎ᠠ | ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠃ ᠳᠠᠷᠤᠢ 2023 ᠣᠨ ᠤ | 9 ᠰᠠᠷ᠎ᠠ ᠶᠢᠨ 20 ᠤ ᠡᠳᠦᠷ ᠠᠴᠠ 10 ᠰᠠᠷ᠎ᠠ ᠶᠢᠨ 5 ᠤ ᠡᠳᠦᠷ᠃ | ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ | ᠪᠦᠲᠦᠭᠡᠨ ᠪᠠᠶᠢᠭᠤᠯᠬᠤ ᠨᠢᠭᠡᠴᠢ᠄ ᠥᠪᠥᠷ ᠮᠣᠩᠭᠤᠯ ᠤᠨ ᠺᠦᠨ ᠶᠤᠸᠠᠢ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠠᠷᠠᠯᠵᠢᠶᠠᠨ ᠤ ᠬᠢᠵᠠᠭᠠᠷᠲᠤ ᠺᠣᠮᠫᠠᠨᠢ | ᠬᠠᠷᠢᠯᠴᠠᠬᠤ ᠬᠥᠮᠥᠨ᠄ ᠺᠠᠩ ᠳᠠᠭᠠᠭᠠᠮᠠᠯ | ᠤᠲᠠᠰᠤ᠄ 15164770909 | ᠰᠢᠤᠳᠠᠨ ᠬᠠᠶ᠋ᠢᠭ᠄ 876018961@qq.com | | | ᠤᠯᠠᠭᠠᠨᠴᠠᠪ ᠤᠨ ᠡᠷᠢᠶᠡᠨ ᠬᠤᠲᠠ ᠶᠢᠨ ᠤᠯᠤᠰ ᠤᠨ ᠪᠠᠷᠠᠭ᠎ᠠ ᠭᠦᠢᠯᠭᠡᠭᠡᠨ ᠤ ᠵᠠᠩᠭᠢᠯᠠᠭ᠎ᠠ ᠶᠢᠨ | ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠦᠪ | ᠳᠤᠯᠤᠳᠤᠭᠠᠷ ᠰᠤᠮᠤ ᠶᠢᠨ ᠤᠯᠠᠨ ᠤᠯᠤᠰ ᠤᠨ ᠪᠠᠷᠠᠭ᠎ᠠ ᠭᠦᠢᠯᠭᠡᠭᠡᠨ ᠤ ᠬᠦᠷᠢᠶᠡᠯᠡᠩ ᠤᠨ ᠬᠤᠪᠢᠶᠠᠷᠢ | ᠲᠦᠪ | 2023 ᠣᠨ ᠤ 9 ᠰᠠᠷ᠎ᠠ ᠶᠢᠨ 20 | | | | |