ᠰᠦᠢ ᠸᠧᠢ ᠵᠢᠶᠦ᠋ᠨ ᠵᠢᠨᠢᠩ ᠲᠣᠭᠤᠷᠢᠭ ᠲᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/10/7
    9 ᠰᠠᠷ᠎ᠠ ᠶᠢᠨ 30 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠢᠨᠢᠩ ᠲᠣᠭᠤᠷᠢᠭ ᠲᠤ ᠭᠦᠨᠵᠡᠭᠡᠶᠢᠷᠡᠵᠦ᠂ ᠠᠶᠤᠯᠭᠦᠢ ᠦᠢᠯᠡᠳᠪᠦᠷᠢᠯᠡᠯ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠵᠠᠬ᠎ᠠ ᠳᠡᠯᠭᠡᠭᠦᠷ ᠤᠨ ᠬᠠᠩᠭᠠᠯᠭ᠎ᠠ ᠵᠡᠷᠭᠡ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃     ᠰᠦᠢ ᠸᠧᠢ ᠵᠢᠶᠦ᠋ᠨ ᠡᠩ ᠲᠡᠷᠢᠭᠦᠨ ᠳᠤ ᠨᠠᠨ ᠳ᠋ᠠ ᠭᠡᠷᠡᠯ ᠴᠠᠬᠢᠯᠭᠠᠨ ︵ᠤᠯᠠᠭᠠᠨᠴᠠᠪ︶ ᠤ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠳᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠭᠤᠭᠴᠤᠭ᠎ᠠ ᠨᠢᠭᠡᠪᠦᠷᠢ᠂ ᠠᠵᠢᠯ ᠤᠨ ᠪᠠᠶᠢᠷᠢ ᠨᠢᠭᠡᠪᠦᠷᠢ ᠳᠤ ᠨᠠᠶᠢᠳᠠᠪᠤᠷᠢᠵᠢᠭᠤᠯᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃ ᠲᠡᠷᠡ ᠬᠡᠯᠡᠬᠦ ᠳᠡᠭᠡᠨ᠂ ︽ᠴᠠᠭ ᠢᠮᠠᠭᠲᠠ ᠰᠠᠨᠠᠭ᠎ᠠ ᠠᠮᠤᠷ ᠦᠭᠡᠢ ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠶᠠᠮᠠᠷᠪᠠ ᠦᠶ᠎ᠡ ᠳᠤ ᠴᠦ ᠭᠡᠰᠡᠨ ᠮᠢᠨᠴᠦᠭᠦᠷᠡᠨ ᠰᠤᠯᠠᠷᠠᠵᠤ ᠪᠣᠯᠬᠤ ᠦᠭᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠨᠡᠨᠬᠦ ᠪᠠᠲᠤ ᠡᠭᠦᠷᠭᠡᠯᠡᠵᠦ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ  ᠪᠣᠳᠠᠲᠠᠶᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ ᠭᠡᠵᠡᠢ᠃    ᠪᠠᠢ ᠴᠢᠤᠸᠠᠨ ᠱᠠᠨ ᠠᠭᠤᠯᠠᠨ ᠳᠤ᠂ ᠰᠦᠢ ᠸᠧᠢ ᠵᠢᠶᠦ᠋ᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠵᠠᠢ᠃ ᠲᠡᠷᠡ ᠬᠡᠯᠡᠬᠦ ᠳᠡᠭᠡᠨ᠂ ᠣᠳᠣᠬᠠᠨ ᠳᠤ ᠶᠠᠭ ᠭᠠᠯ ᠰᠡᠷᠭᠡᠶᠢᠯᠡᠬᠦ ᠵᠠᠩᠭᠢᠯᠠᠭ᠎ᠠ ᠶᠢᠨ ᠴᠠᠭ ᠦᠶ᠎ᠡ ᠳᠤ ᠪᠠᠶᠢᠭ᠎ᠠ ᠪᠣᠯᠬᠤᠷ ᠭᠠᠯ ᠤᠨ ᠠᠶᠤᠯ ᠲᠦᠭᠰᠢᠭᠦᠷᠢ ᠶᠢ ᠣᠮᠲᠣᠭᠠᠶᠢᠯᠠᠵᠤ ᠪᠣᠯᠣᠰᠢ ᠦᠭᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠭᠤᠣᠯᠳᠠᠯᠭ᠎ᠠ ᠲᠠᠢ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠯ ᠤᠨ ᠭᠠᠮᠰᠢᠭ ᠤᠨ ᠭᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠨ ᠠᠳᠬᠤᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ᠃ ᠡᠬᠢᠨ ᠤ ᠬᠤᠭᠤᠴᠠᠭᠠᠨ ᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠯ ᠰᠡᠷᠭᠡᠶᠢᠯᠡᠨ ᠤᠨᠲᠠᠷᠠᠭᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃     ᠺᠠᠩ ᠲᠠᠢ ᠠᠷᠠᠳ ᠲᠤ ᠠᠰᠢᠭ ᠬᠦᠷᠲᠡᠭᠡᠬᠦ ᠬᠦᠷᠢᠶᠡᠯᠡᠩ ᠤᠨ ᠵᠢᠶᠧ ᠹᠠᠩ ᠵᠠᠬ᠎ᠠ ᠳᠡᠯᠭᠡᠭᠦᠷ ᠲᠤ᠂ ᠰᠦᠢ ᠸᠧᠢ ᠵᠢᠶᠦ᠋ᠨ ᠵᠠᠬ᠎ᠠ ᠳᠡᠯᠭᠡᠭᠦᠷ ᠤᠨ ᠬᠤᠳᠠᠯᠳᠤᠭᠠᠴᠢᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠵᠢᠮᠢᠰ ᠢᠳᠡᠰᠢᠨ ᠨᠣᠭᠤᠭ᠎ᠠ᠂ ᠠᠮᠤ ᠪᠤᠳᠠᠭ᠎ᠠ ᠲᠣᠰᠣ᠂ ᠤᠰᠤᠨ ᠭᠠᠷᠤᠯᠲᠠ ᠮᠢᠬ᠎ᠠ ᠥᠨᠳᠡᠭᠡ ᠵᠡᠷᠭᠡ ᠲᠠᠸᠠᠷ ᠤᠨ ᠦᠨ᠎ᠡ ᠬᠠᠩᠰᠢ ᠶᠢᠨ ᠬᠤᠪᠢᠷᠠᠯᠲᠠ᠂ ᠪᠣᠷᠤᠯᠠᠭᠤᠯᠭ᠎ᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠠᠷᠠᠳ ᠣᠯᠠᠨ ᠤ ︽ᠢᠳᠡᠰᠢᠨ ᠨᠣᠭᠤᠭ᠎ᠠ︾ ︽ᠠᠮᠤ ᠶᠢᠨ ᠤᠭᠤᠲᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠦᠨ᠎ᠡ ᠬᠠᠩᠰᠢ ᠶᠢᠨ ᠬᠢᠨᠠᠨ ᠬᠡᠮᠵᠢᠯᠲᠡ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠠᠷᠠᠳ ᠣᠯᠠᠨ ᠤ ᠠᠮᠤᠷ ᠲᠣᠭᠲᠠᠭᠤᠨ ᠪᠠᠶᠠᠷ ᠬᠥᠷ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃     ᠶᠦᠨ ᠫᠧᠩ ᠭᠠᠩ᠂ ᠯᠢᠦ ᠭᠦᠸᠧ ᠭᠠᠩ᠂ ᠵᠠᠩ ᠶᠦᠩ ᠸᠧᠨ ᠣᠷᠣᠯᠴᠠᠪᠠ᠃                                     ᠣᠷᠴᠢᠭᠤᠯᠤᠭᠴᠢ᠄ ᠭᠤᠸ᠎ᠠ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2