ᠵᠢᠨᠢᠩ ᠲᠣᠭᠤᠷᠢᠭ ︽ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠪᠠᠶᠢᠭᠤᠯᠤᠭᠳᠠᠭᠰᠠᠨ ᠪᠠᠶᠠᠷ ᠤᠨ ᠡᠳᠦᠷ ︾ ᠤᠨ ᠬᠤᠶᠠᠷ ᠪᠠᠶᠠᠷ ᠤᠨ ᠬᠤᠭᠤᠴᠠᠭᠠᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/10/7
    ︽ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠪᠠᠶᠢᠭᠤᠯᠤᠭᠳᠠᠭᠰᠠᠨ ᠪᠠᠶᠠᠷ ᠤᠨ ᠡᠳᠦᠷ︾ ᠤᠨ ᠬᠤᠶᠠᠷ ᠪᠠᠶᠠᠷ ᠤᠨ ᠬᠤᠭᠤᠴᠠᠭᠠᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠰᠠᠶᠢᠲᠤᠷ ᠬᠢᠵᠦ᠂ ᠪᠥᠬᠦ ᠣᠷᠣᠨ ᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠠᠶᠦᠯᠬᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠵᠢᠨᠢᠩ ᠲᠣᠭᠤᠷᠢᠭ ᠤᠨ ᠬᠢᠨ ︽ᠨᠠᠢᠮᠠᠨ ᠰᠠᠷ᠎ᠠ ᠶᠢᠨ ᠲᠡᠷᠭᠡᠯ ᠪᠠᠶᠠᠷ ᠂ ᠤᠯᠤᠰ ᠪᠠᠶᠢᠭᠤᠯᠤᠭᠳᠠᠭᠰᠠᠨ ᠪᠠᠶᠠᠷ ᠤᠨ ᠡᠳᠦᠷ︾ ᠤᠨ ᠬᠤᠭᠤᠴᠠᠭᠠᠨ ᠠᠴᠠ ᠡᠮᠦᠨᠡᠬᠢ ᠠᠶᠦᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠠᠶᠦᠯᠬᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠪᠠ ᠃ 9 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠨᠡᠶᠢᠲᠡ 6 ᠳᠤᠭᠤᠶᠢᠯᠠᠩ 23 ᠬᠥᠮᠥᠨ ᠲᠣᠮᠢᠯᠠᠨ ᠬᠠᠷᠢᠶ᠎ᠠ ᠣᠷᠣᠨ ᠤ ᠪᠠᠨ ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠠᠵᠢᠯ ᠲᠥᠷᠥᠯ᠂ ᠲᠣᠰᠣ ᠨᠡᠮᠡᠬᠦ ᠥᠷᠲᠡᠭᠡ ᠵᠡᠷᠭᠡ 151 ᠭᠤᠣᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠳᠤ ︽ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠪᠠᠶᠢᠭᠤᠯᠤᠭᠳᠠᠭᠰᠠᠨ ᠪᠠᠶᠠᠷ  ᠤᠨ ᠡᠳᠦᠷ︾ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠲᠤᠰᠬᠠᠢ ᠵᠦᠢᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠪᠡ᠃ ᠠᠵᠤ ᠠᠬᠤᠶᠢᠯᠠᠯ ᠤᠨ ᠠᠶᠦᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ᠂ ᠠᠶᠦᠯᠬᠦᠢ ᠶᠢᠨ ᠬᠥᠮᠦᠵᠢᠯ ᠪᠣᠯᠪᠠᠰᠤᠷᠠᠭᠤᠯᠤᠯ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠬᠢᠭᠡᠳ ᠰᠣᠷᠢᠯᠲᠠ᠂ ᠠᠶᠦᠯᠬᠦᠢ ᠦᠢᠯᠡᠳᠪᠦᠷᠢᠯᠡᠯ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠪᠡ᠃ ᠪᠠᠶᠢᠴᠠᠭᠠᠬᠤ ᠶᠠᠪᠤᠴᠠ ᠳᠤ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ  ᠳᠤᠨᠢ ᠥᠭᠡᠷᠡᠴᠢᠯᠡᠬᠦ ᠠᠰᠠᠭᠤᠳᠠᠯ ᠢ ᠨᠡᠶᠢᠲᠡ 42 ᠢᠯᠡᠷᠡᠭᠦᠯᠦᠭᠰᠡᠨ ᠪᠥᠭᠡᠳ ᠪᠦᠬᠦᠨ ᠢ ᠴᠡᠭᠴᠡᠯᠡᠨ ᠵᠠᠰᠠᠵᠤ ᠳᠠᠭᠤᠰᠬᠠᠪᠠ᠃                                ᠤᠷᠴᠢᠭᠤᠯᠤᠭᠴᠢ᠄ ᠬᠦᠰᠡᠯ                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2