ᠬᠤᠳᠠ ᠶᠢᠨ ᠲᠡᠰ ᠤᠨ ᠤᠳᠤᠷᠢᠳᠬᠤ ᠨᠥᠬᠦᠳ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2023/10/8
    ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠯᠢᠶᠠᠩ ᠵᠡᠷᠭᠡ ᠬᠤᠲᠠ ᠶᠢᠨ ᠲᠠᠰ ᠤᠨ ᠤᠳᠤᠷᠢᠳᠤᠯᠭ᠎ᠠ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠳᠤ ᠬᠦᠷᠴᠦ ᠭᠤᠤᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠳᠤ ᠣᠷᠣᠯᠴᠠᠵᠤ᠂ ᠵᠢᠨᠢᠩ ᠤᠨ ᠳᠠᠶᠢᠯᠠᠯᠳᠤᠭᠠᠨ ᠤ ᠦᠵᠡᠭᠦᠯᠦᠯᠭᠡ ᠶᠢ ᠬᠠᠮᠲᠤ ᠪᠠᠷ ᠲᠣᠭᠤᠷᠢᠨ ᠦᠵᠡᠪᠡ᠃     ᠲᠣᠭᠤᠷᠢᠨ ᠦᠵᠡᠬᠦ ᠠᠴᠠ ᠡᠮᠦᠨ᠎ᠡ᠂ ᠬᠤᠲᠠ ᠶᠢᠨ ᠱᠠᠲᠤᠨ ᠤ ᠤᠳᠤᠷᠢᠳᠬᠤ ᠨᠥᠬᠦᠳ ᠬᠠᠮᠲᠤ ᠪᠠᠷ ᠲᠠᠩᠭᠠᠷᠢᠭᠯᠠᠬᠤ ᠶᠡᠭᠡ ᠲᠢᠩᠬᠢᠮ ᠳᠤ ᠠᠯᠬᠤᠨ ᠣᠷᠣᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠲᠤᠭ ᠤᠨ ᠡᠮᠦᠨ᠎ᠡ᠂ ᠰᠦᠢ ᠸᠧᠢ ᠵᠢᠶᠦ᠋ᠨ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠡᠷᠭᠢᠴᠡᠭᠦᠯᠪᠡ᠃     ᠦᠵᠡᠭᠦᠯᠦᠯᠭᠡ ᠶᠢ 7 ᠬᠡᠰᠡᠭ 19 ᠨᠢᠭᠡᠴᠢ ᠵᠢᠴᠢ 8 ᠰᠡᠷᠭᠦᠭᠡᠯᠲᠡ ᠶᠢᠨ ᠦᠵᠡᠭᠳᠡᠯ ᠬᠤᠪᠢᠶᠠᠵᠤ᠂ ᠡᠯ᠎ᠡ ᠲᠦᠷᠦᠯ ᠤᠨ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ᠂ ᠭᠡᠷᠡᠯ ᠵᠢᠷᠤᠭ᠂ ᠪᠠᠭᠤᠯᠭᠠᠪᠤᠷᠢ ᠪᠠ ᠤᠷᠠᠯᠢᠭ ᠤᠨ ᠪᠦᠲᠦᠭᠡᠯ ᠢ 1200 ᠭᠠᠷᠤᠢ ᠳᠡᠯᠭᠡᠨ ᠦᠵᠡᠭᠦᠯᠵᠦ᠂ ᠵᠢᠨᠢᠩ ᠤᠨ ᠳᠠᠶᠢᠯᠠᠯᠳᠤᠭᠠᠨ ᠤ ᠪᠦᠷᠢᠨ ᠪᠦᠲᠦᠨ ᠶᠠᠪᠤᠴᠠ ᠶᠢ ᠠᠮᠢᠳᠤᠯᠢᠭ ᠢᠶᠠᠷ ᠢᠯᠡᠷᠡᠭᠦᠯᠪᠡ᠃ ᠦᠵᠡᠭᠦᠯᠦᠯᠭᠡ ᠶᠢᠨ ᠲᠢᠩᠬᠢᠮ ᠳᠤ ᠠᠯᠬᠤᠨ ᠣᠷᠣᠬᠤ ᠳᠤ᠂ ᠤᠯᠠᠨ ᠢᠶᠠᠷ ᠢᠶᠠᠨ ᠳᠡᠯᠭᠡᠨ ᠦᠵᠡᠭᠦᠯᠬᠦ ᠱᠤᠭᠤᠮ ᠢᠶᠠᠷ᠂ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠵᠣᠭᠰᠣᠨ ᠦᠵᠡᠵᠦ᠂ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠵᠢᠯ ᠳᠤ ᠵᠢᠨᠢᠩ ᠤᠨ ᠡᠨᠡᠬᠦ ᠬᠠᠯᠠᠭᠤᠨ ᠬᠥᠷᠥᠰᠥᠨ ᠳᠤ ᠡᠭᠦᠰᠦᠭᠰᠡᠨ ᠴᠢᠬᠤᠯᠠ ᠳᠠᠶᠢᠯᠠᠯᠳᠤᠭᠠᠨ ᠢ ᠡᠷᠭᠢᠴᠡᠭᠦᠯᠵᠦ᠂ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠣᠶᠢᠯᠠᠭᠠᠪᠠ᠃     ᠰᠦᠢ ᠸᠧᠶ ᠵᠢᠶᠦ᠋ᠨ ᠬᠡᠯᠡᠬᠦ ᠳᠡᠭᠡᠨ᠂ ᠬᠤᠲᠠ ᠶᠢᠨ ᠱᠠᠲᠤᠨ ᠤ ᠤᠳᠤᠷᠢᠳᠬᠤ ᠨᠥᠬᠦᠳ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠢ ᠬᠠᠮᠲᠤ ᠪᠠᠷ ᠲᠣᠭᠤᠷᠢᠨ ᠦᠵᠡᠵᠦ᠂ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠰᠠᠨᠠᠭᠠᠯᠵᠠᠵᠤ᠂ ᠨᠢᠭᠡ ᠤᠳᠠᠭᠠᠨ ᠤ ᠭᠦᠨ ᠭᠦᠨᠵᠡᠭᠡᠶ ᠨᠠᠮᠴᠢ ᠴᠢᠨᠠᠷ ᠤᠨ ᠬᠥᠮᠦᠵᠢᠯ ᠢ ᠬᠦᠷᠲᠡᠵᠦ᠂ ᠨᠢᠭᠡ ᠤᠳᠠᠭᠠᠨ ᠤ ᠰᠦᠭ ᠰᠦᠨᠡᠰᠦ ᠶᠢ ᠬᠥᠨᠳᠡᠬᠦ ᠦᠵᠡᠯ ᠰᠠᠨᠠᠭᠠᠨ ᠤ ᠳᠠᠪᠲᠠᠯᠲᠠ ᠶᠢ ᠬᠦᠷᠭᠡᠵᠡᠢ᠃ ᠪᠢᠳᠡ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠬᠤᠪᠢᠰᠬᠠᠯ ᠤᠨ ᠤᠳᠤᠮᠰᠢᠯ ᠢ ᠰᠠᠶᠢᠲᠤᠷ ᠤᠯᠠᠮᠵᠢᠯᠠᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠪᠠᠭᠠᠲᠤᠷᠯᠢᠭ ᠦᠢᠯᠡ ᠠᠵᠢᠯᠯᠠᠭ᠎ᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠢᠲᠡᠭᠡᠯ ᠪᠢᠰᠢᠷᠡᠯ ᠤᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠥᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠣᠳᠠᠲᠤ ᠠᠵᠢᠯᠯᠠᠭ᠎ᠠ ᠳᠠᠭᠠᠨ ᠦᠨᠡᠨ ᠬᠦ ᠨᠠᠶᠢᠳᠠᠪᠤᠷᠢᠵᠢᠭᠤᠯᠵᠤ᠂ ᠠᠵᠢᠯ ᠤᠨ ᠦᠷ᠎ᠡ ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠡᠢ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2