ᠳᠥᠷᠪᠡᠳ ᠬᠤᠰᠢᠭᠤ ᠡᠪᠦᠯ ᠤᠨ ᠤᠯᠠᠷᠢᠯ ᠤᠨ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠤ ᠪᠠᠶᠢᠨ᠎ᠠ
ᠨᠡᠶᠢᠲᠡᠯᠡᠭᠰᠡᠨ ᠴᠠᠭ᠄
2023/10/8
    10 ᠰᠠᠷ᠎ᠠ ᠶᠢᠨ 7 ᠤ ᠡᠳᠦᠷ ᠪᠣᠯᠲᠠᠯ᠎ᠠ᠂ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠳᠥᠷᠪᠡᠨ ᠢᠯᠴᠢ ᠶᠢᠨ ᠬᠦᠴᠦᠨ ᠤ ᠺᠣᠮᠫᠠᠨᠢ ᠶᠢᠨ 2022 ︱ 2023 ᠣᠨ ᠤ ︽ᠡᠪᠦᠯ ᠤᠨ ᠡᠪᠡᠳᠴᠢᠨ ᠢ ᠵᠣᠨ ᠵᠠᠰᠠᠬᠤ︾ ᠠᠵᠢᠯ ᠨᠢᠭᠡᠨᠲᠡ ᠳᠠᠭᠤᠰᠴᠤ᠂ ᠬᠤᠶᠠᠳᠠᠭᠢ ᠤᠳᠠᠭᠠᠨ ᠤ ᠬᠤᠭᠤᠯᠠᠢ ᠲᠣᠣᠷ ᠤᠨ ᠰᠡᠯᠪᠢᠨ ᠵᠠᠰᠠᠯᠲᠠ ᠶᠢ ᠪᠦᠬᠦᠨ ᠢ ᠳᠠᠭᠤᠰᠬᠠᠪᠠ᠃ 2023—2024 ᠣᠨ ᠤ ᠳᠥᠷᠪᠡᠨ ᠢᠯᠴᠢ ᠶᠢᠨ ᠬᠦᠴᠦᠨ ᠤ ᠺᠣᠮᠫᠠᠨᠢ ᠨᠡᠶᠢᠲᠡ 29.3 ᠲᠦᠮᠡᠨ ᠲᠣᠨ ᠨᠡᠭᠦᠷᠡᠰᠦ ᠬᠠᠩᠭᠠᠬᠤ ᠶᠢ ᠪᠠᠲᠤᠯᠠᠬᠤ ᠪᠠᠷ ᠭᠤᠶᠤᠴᠢᠯᠠᠵᠤ᠂ 21.4 ᠲᠦᠮᠡᠨ ᠲᠣᠨ ᠨᠡᠭᠦᠷᠡᠰᠦ ᠬᠠᠩᠭᠠᠬᠤ ᠶᠢ ᠪᠠᠲᠤᠯᠠᠬᠤ ᠭᠡᠷ᠎ᠡ ᠲᠣᠭᠲᠠᠵᠤ᠂ ᠬᠤᠭᠤᠯᠠᠢ ᠶᠢᠨ ᠲᠣᠣᠷ ᠲᠤ ᠴᠥᠮ ᠤᠰᠤ ᠣᠷᠣᠭᠤᠯᠬᠤ ᠶᠢ ᠪᠡᠶᠡᠯᠡᠭᠦᠯᠦᠭᠰᠡᠨ ᠪᠥᠭᠡᠳ ᠬᠠᠯᠠᠭᠤᠨ ᠵᠤᠤᠬ᠎ᠠ ᠶᠢ ᠨᠢᠭᠡᠨᠲᠡ ᠬᠢᠵᠦ ᠳᠠᠭᠤᠰᠬᠠᠵᠠᠢ᠂ ᠵᠢᠱᠢᠯᠲᠡ ᠪᠠᠷ 10 ᠰᠠᠷ᠎ᠠ ᠶᠢᠨ 10 ᠤ ᠡᠳᠦᠷ ᠠᠴᠠ ᠡᠬᠢᠯᠡᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠵᠦ ᠢᠯᠴᠢ ᠬᠠᠩᠭᠠᠬᠤ ᠪᠠᠷ ᠵᠢᠱᠢᠵᠦ ᠪᠣᠶ᠃ ᠡᠨᠡ ᠵᠢᠯ 4.6 ᠲᠦᠮᠡᠨ ᠡᠷᠦᠬᠡ ᠰᠠᠭᠤᠭᠠᠯᠢ ᠠᠷᠠᠳ ᠲᠤ ᠢᠯᠴᠢ ᠬᠠᠩᠭᠠᠬᠤ ᠪᠠᠷ ᠪᠠᠶᠢᠨ᠎ᠠ᠂ ᠢᠯᠴᠢ ᠬᠠᠩᠭᠠᠬᠤ ᠬᠤᠭᠤᠯᠠᠢ ᠶᠢᠨ ᠲᠣᠣᠷ 224.2 ᠺᠢᠯᠣᠮᠧᠲᠷ ᠪᠠᠶᠢᠵᠤ᠂ ᠢᠯᠴᠢ ᠬᠠᠩᠭᠠᠬᠤ ᠲᠠᠯᠠᠪᠠᠶ 508.1 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2