ᠤᠯᠠᠭᠠᠨᠴᠠᠪ ᠬᠤᠲᠠ ᠶᠢᠨ 2023 ᠣᠨ ᠤ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠰᠠᠨ ᠴᠢᠳᠠᠪᠤᠷᠢᠲᠠᠨ ᠤ ᠱᠠᠩᠨᠠᠯ ᠤᠨ ᠵᠢᠱᠢᠭᠳᠡᠭᠰᠡᠳ ᠢ ᠲᠠᠨᠢᠯᠴᠠᠭᠤᠯᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2023/10/9
  ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠰᠠᠨ ᠴᠢᠳᠠᠪᠤᠷᠢᠲᠠᠨ ᠤ ᠱᠠᠩᠨᠠᠯ ᠢ ᠰᠢᠯᠭᠠᠷᠠᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2023﹈ 145 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠪᠢ ᠬᠥᠮᠥᠨ ᠭᠤᠶᠤᠴᠢᠯᠠᠨ ᠮᠡᠳᠡᠭᠦᠯᠬᠦ᠂ ᠪᠠᠶᠢᠭᠤᠯᠭ᠎ᠠ ᠨᠢᠭᠡᠴᠢ ᠪᠠᠲᠤᠯᠠᠨ ᠲᠠᠨᠢᠯᠴᠠᠭᠤᠯᠬᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠬᠤ ᠶᠢᠨ ᠬᠠᠮᠲᠤ ᠬᠠᠮᠢᠶ᠎ᠠ ᠪᠦᠬᠦᠢ ᠨᠢᠭᠡᠴᠢ ᠶᠢᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠰᠠᠨᠠᠯ ᠢ ᠬᠤᠷᠢᠶᠠᠵᠤ᠂ ᠰᠢᠯᠭᠠᠷᠠᠭᠤᠯᠬᠤ ᠨᠥᠬᠦᠴᠡᠯ ᠶᠣᠰᠣᠭᠠᠷ᠂ ᠲᠤᠰᠬᠠᠢ ᠮᠡᠷᠭᠡᠵᠢᠯᠲᠡᠨ ᠢᠶᠠᠷ ᠦᠨᠡᠯᠡᠨ ᠶᠠᠷᠢᠯᠴᠠᠭᠤᠯᠵᠤ᠂ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢᠶᠠᠷ ᠵᠥᠪᠯᠡᠨ ᠲᠣᠭᠲᠠᠭᠠᠭᠰᠠᠨ ᠤ ᠳᠠᠷᠠᠭ᠎ᠠ᠂ ᠯᠢᠦ ᠰᠢᠨ ᠬᠠᠢ ᠵᠡᠷᠭᠡ 3 ᠵᠢᠱᠢᠭᠳᠡᠭᠴᠢ ᠶᠢ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠰᠠᠨ ᠴᠢᠳᠠᠪᠤᠷᠢᠲᠠᠨ ᠤ ᠱᠠᠩᠨᠠᠯ ᠤᠨ ᠰᠢᠯᠭᠠᠷᠠᠭᠤᠯᠤᠯᠲᠠ ᠳᠤ ᠣᠷᠣᠯᠴᠠᠭᠤᠯᠬᠤ ᠪᠠᠷ ᠲᠠᠨᠢᠯᠴᠠᠭᠤᠯᠵᠤ᠂ ᠡᠳᠦᠭᠡ 3 ᠵᠢᠱᠢᠭᠳᠡᠭᠴᠢ ᠶᠢ ᠢᠯᠡ ᠨᠡᠶᠢᠲᠡᠯᠡᠨ᠎ᠡ᠃   ᠵᠠᠷᠯᠠᠨ ᠨᠡᠶᠢᠲᠡᠯᠡᠬᠦ ᠬᠤᠭᠤᠴᠠᠭᠠᠨ ᠳᠤ ᠵᠢᠱᠢᠭᠳᠡᠭᠰᠡᠳ ᠲᠤ ᠰᠡᠵᠢᠭᠯᠡᠯ ᠲᠠᠢ ᠪᠠᠶᠢᠪᠠᠯ᠂ ᠶᠠᠮᠠᠷᠪᠠ ᠨᠢᠭᠡᠴᠢ ᠪᠠ ᠬᠤᠪᠢ ᠬᠥᠮᠥᠨ ᠴᠥᠮ ᠤᠲᠠᠰᠤᠳᠠᠬᠤ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠮᠠᠶ᠋ᠢᠭ ᠢᠶᠠᠷ ᠠᠰᠠᠭᠤᠳᠠᠯ ᠢ ᠲᠤᠰᠬᠠᠵᠤ ᠪᠣᠯᠣᠨ᠎ᠠ᠂ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠠᠶᠢᠳᠠᠯ ᠢ ᠲᠤᠰᠬᠠᠭᠰᠠᠨ ᠠᠵᠢᠯᠲᠠᠨ ᠵᠢᠴᠢ ᠠᠭᠤᠯᠭ᠎ᠠ ᠶᠢᠨ ᠨᠢᠭᠤᠴᠠ ᠶᠢ ᠬᠠᠮᠠᠭᠠᠯᠠᠨ᠎ᠠ᠃   ᠵᠠᠷᠯᠠᠨ ᠨᠡᠶᠢᠲᠡᠯᠡᠬᠦ ᠬᠤᠭᠤᠴᠠᠭ᠎ᠠ ᠨᠢ 2023 ᠣᠨ ᠤ 10 ᠰᠠᠷ᠎ᠠ ᠶᠢᠨ 8 ᠤ ᠡᠳᠦᠷ ᠠᠴᠠ 2023 ᠣᠨ ᠤ 10 ᠰᠠᠷ᠎ᠠ ᠶᠢᠨ 12 ᠤᠨ ᠡᠳᠦᠷ ᠪᠣᠯᠲᠠᠯ᠎ᠠ᠃   ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠰᠠᠯᠠᠭ᠎ᠠ᠄ 0474 ︱ 8321318   ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠲᠠ ᠳᠤ ᠰᠠᠭᠤᠭ᠎ᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠄ 0474 ︱ 8321083ᠳᠠᠭᠠᠯᠳᠤᠭᠤᠯᠤᠯ᠄ 2023 ᠣᠨ ᠤ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠰᠠᠨ ᠴᠢᠳᠠᠪᠤᠷᠢᠲᠠᠨ ᠤ ᠱᠠᠩᠨᠠᠯ ᠤᠨ ᠵᠢᠱᠢᠭᠳᠡᠭᠰᠡᠳ ᠢ ᠲᠠᠨᠢᠯᠴᠠᠭᠤᠯᠬᠤ ᠪᠠᠷ ᠪᠠᠶᠢᠭ᠎ᠠ ᠢᠯᠡ ᠨᠡᠶᠢᠲᠡᠯᠡᠬᠦ ᠨᠡᠷᠡᠰ ︵ᠬᠢᠲᠠᠳ ᠥᠰᠥᠭ ᠤᠨ ᠪᠢᠴᠢᠯᠭᠡ ᠶᠢᠨ ᠳᠠᠷᠠᠭᠠᠯᠠᠯ ᠢᠶᠠᠷ ᠵᠢᠭᠰᠠᠭᠠᠨ᠎ᠠ︶2023 ᠣᠨ ᠤ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠰᠠᠨ ᠴᠢᠳᠠᠪᠤᠷᠢᠲᠠᠨ ᠤ ᠱᠠᠩᠨᠠᠯ ᠤᠨ ᠵᠢᠱᠢᠭᠳᠡᠭᠰᠡᠳ ᠢ ᠲᠠᠨᠢᠯᠴᠠᠭᠤᠯᠬᠤ ᠪᠠᠷ ᠪᠠᠶᠢᠭ᠎ᠠ ᠢᠯᠡ ᠨᠡᠶᠢᠲᠡᠯᠡᠬᠦ ᠨᠡᠷᠡᠰ ︵ᠬᠢᠲᠠᠳ ᠦᠰᠦᠭ ᠤᠨ ᠪᠢᠴᠢᠯᠭᠡ ᠶᠢᠨ ᠳᠠᠷᠠᠭᠠᠯᠠᠯ ᠢᠶᠠᠷ ᠵᠢᠭᠰᠠᠭᠠᠪᠠ︶         ᠳ᠋ᠤᠭᠠᠷᠯᠠᠯ᠂ ᠣᠪᠣᠭ ᠨᠡᠷ᠎ᠡ᠂ ᠪᠠᠶᠢᠭᠤᠯᠭ᠎ᠠ ᠨᠢᠭᠡᠴᠢ᠂ ᠬᠦᠢᠰᠦ᠂ ᠲᠤᠰᠢᠶᠠᠯ᠂ ᠰᠣᠶᠣᠯ ᠤᠨ ᠬᠡᠮᠵᠢᠶ᠎ᠡ᠂ ᠠᠵᠢᠯᠯᠠᠵᠤ ᠪᠠᠶᠢᠭ᠎ᠠ ᠲᠤᠰᠬᠠᠢ ᠮᠡᠷᠭᠡᠵᠢᠯ᠂ ᠲᠠᠶᠢᠯᠪᠤᠷᠢ᠃   1. ᠯᠢᠦ ᠰᠢᠨ ᠬᠠᠢ᠂ ᠤᠯᠠᠭᠠᠨᠴᠠᠪ ᠬᠤᠲᠠ ᠶᠢᠨ ᠴᠡᠴᠡᠷᠯᠢᠭ ᠤᠨ ᠦᠢᠯᠡᠴᠢᠯᠡᠭᠡᠨ ᠤ ᠲᠥᠪ᠂ ᠡᠷᠡᠭᠲᠡᠢ᠂ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠤᠯᠠ᠂ ᠠᠰᠫᠢᠷᠠᠨᠲ᠂ ᠣᠶ ᠰᠢᠭᠤᠢ ᠶᠢᠨ ᠦᠢᠯᠡᠰ᠂ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠠᠷᠠᠴᠢᠯᠠᠯᠲᠠ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠤᠰᠬᠠᠢ ᠮᠡᠷᠭᠡᠵᠢᠯ᠃   2. ᠵᠢᠩ ᠯᠢ ᠯᠢ᠂ ᠵᠢᠨᠢᠩ ᠪᠠᠭᠰᠢ ᠶᠢᠨ ᠳᠡᠭᠡᠳᠦ ᠰᠤᠷᠭᠠᠭᠤᠯᠢ᠂ ᠡᠮᠡᠭᠲᠡᠢ᠂ ᠳᠡᠳ᠋ ᠳᠡᠭᠡᠳᠦ ᠵᠡᠷᠭᠡ ᠶᠢᠨ ᠮᠡᠷᠭᠡᠵᠢᠯ ᠤᠨ ᠴᠤᠯᠠ᠂ ᠳ᠋ᠣᠺᠲ᠋ᠣᠷ᠂ ᠡᠵᠡᠮᠰᠢᠯ ᠤᠨ ᠣᠨᠣᠯ ᠤᠨ ᠰᠤᠳᠤᠯᠤᠯ ᠪᠠ ᠬᠡᠷᠡᠭᠯᠡᠯᠲᠡ ᠶᠢᠨ ᠲᠤᠰᠬᠠᠢ ᠮᠡᠷᠭᠡᠵᠢᠯ᠃   3. ᠸᠧᠢ ᠷᠦᠨ ᠶᠤᠸᠠᠨ᠂ ᠤᠯᠠᠭᠠᠨᠴᠠᠪ ᠬᠤᠲᠠ ᠶᠢᠨ ᠮᠠᠯ ᠠᠵᠤ ᠠᠬᠤᠢ ᠶᠢᠨ ᠠᠵᠢᠯ ᠤᠨ ᠥᠷᠲᠡᠭᠡ᠂ ᠡᠷᠡᠭᠲᠡᠢ ᠂ ᠳᠡᠭᠡᠳᠦ ᠵᠡᠷᠭᠡ ᠶᠢᠨ ᠮᠡᠷᠭᠡᠵᠢᠯ ᠤᠨ ᠴᠤᠯᠠ᠂ ᠵᠢᠩᠬᠢᠨᠢ ᠠᠩᠭᠢ᠂ ᠮᠠᠯ ᠠᠵᠤ ᠠᠬᠤᠢ ᠶᠢᠨ ᠲᠤᠰᠬᠠᠢ ᠮᠡᠷᠭᠡᠵᠢᠯ᠃                    ᠤᠯᠠᠭᠠᠨᠴᠠᠪ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                                                    2023 ᠣᠨ ᠤ 10 ᠰᠠᠷ᠎ᠠ ᠶᠢᠨ 8 
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2