︽ᠤᠯᠠᠭᠠᠨᠴᠠᠪ ᠬᠤᠲᠠ ᠶᠢᠨ ᠤᠯᠤᠰ ᠤᠨ ᠠᠯᠪᠠᠲᠠᠨ ᠤ ᠡᠮᠴᠢᠯᠡᠭᠡᠨ ᠤ ᠨᠥᠬᠦᠪᠦᠷᠢ ᠶᠢᠨ ᠬᠡᠷᠡᠭᠵᠢᠭᠦᠯᠬᠦ ᠠᠷᠭ᠎ᠠ ︵ | ᠰᠠᠨᠠᠯ ᠬᠤᠷᠢᠶᠠᠬᠤ ᠨᠣᠣᠷᠠᠭ︶︾ ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠤᠬᠠᠢ ᠨᠡᠶᠢᠭᠡᠮ ᠤᠨ ᠡᠯ᠎ᠡ | ᠡᠲᠡᠭᠡᠳ ᠤᠨ ᠰᠠᠨᠠᠯ ᠪᠠ ᠰᠠᠨᠠᠭᠤᠯᠭ᠎ᠠ ᠶᠢ ᠭᠦᠢᠴᠡᠳ ᠣᠶᠢᠯᠠᠭᠠᠵᠤ᠂ ᠣᠯᠠᠨ ᠨᠡᠶᠢᠲᠡ ᠶᠢᠨ ᠣᠷᠣᠯᠴᠠᠯᠭ᠎ᠠ ᠶᠢ | ᠴᠢᠩᠭᠠᠳᠬᠠᠨ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠬᠦᠴᠦᠨ ᠵᠦᠢᠯ ᠢ ᠣᠨᠣᠪᠴᠢᠲᠠᠶ ᠢᠯᠭᠠᠨ | ᠲᠠᠨᠢᠬᠤ ᠶᠢᠨ ᠲᠤᠰᠠᠳᠠ᠂ ᠲᠦᠭᠰᠢᠭᠦᠷᠢ ᠶᠢ ᠰᠡᠷᠭᠡᠶᠢᠯᠡᠬᠦ ᠪᠠ ᠠᠷᠢᠯᠭᠠᠬᠤ ᠠᠷᠭ᠎ᠠ ᠬᠡᠮᠵᠢᠶ᠎ᠡ ᠶᠢ ᠲᠣᠭᠲᠠᠭᠠᠪᠠ᠃ ︽ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠲᠦᠷ | ᠬᠡᠷᠡᠭᠵᠢᠭᠦᠯᠬᠦ ᠠᠷᠭ᠎ᠠ︾ ︵ᠬᠥᠭᠵᠢᠭᠦᠯᠦᠯᠲᠡ ᠥᠭᠡᠷᠡᠴᠢᠯᠡᠯᠲᠡ ᠪᠡᠯᠡ ᠣᠷᠣᠭᠤᠯᠤᠯᠲᠠ ﹇2012﹈ 2492 | ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ | ᠦᠨᠡᠯᠡᠨ ᠵᠢᠱᠢᠬᠦ ᠠᠵᠢᠯ ᠤᠨ ᠠᠵᠢᠯᠯᠠᠬᠤ ᠳᠦᠷᠢᠮ ︵ᠲᠤᠷᠰᠢᠨ ᠬᠡᠷᠡᠭᠵᠢᠭᠦᠯᠬᠦ︶ ᠵᠡᠷᠭᠡ ᠳᠥᠷᠪᠡᠨ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ︾ ᠢ ᠳᠠᠷᠤᠮᠠᠯᠯᠠᠨ ᠲᠠᠷᠬᠠᠭᠠᠬᠤ ᠮᠡᠳᠡᠭᠳᠡᠯ ︵ᠥᠪᠥᠷ ᠲᠣᠭᠲᠠᠭᠤᠨ ᠲᠠᠷᠬᠠᠭᠠᠭᠰᠠᠨ ﹇ | 2016﹈ 1 ᠳ᠋ᠤᠭᠡᠷ ᠲᠣᠭᠠᠲᠤ︶ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠦᠨᠳᠦᠰᠦᠯᠡᠵᠦ᠂ ᠡᠳᠦᠭᠡ ︽ | ᠤᠯᠠᠭᠠᠨᠴᠠᠪ ᠬᠤᠲᠠ ᠶᠢᠨ ᠤᠯᠤᠰ ᠤᠨ ᠠᠯᠪᠠᠲᠠᠨ ᠤ ᠡᠮ ᠡᠮᠨᠡᠯᠭᠡ ᠶᠢᠨ ᠨᠥᠬᠦᠪᠦᠷᠢ ᠶᠢᠨ ᠬᠡᠷᠡᠭᠵᠢᠭᠦᠯᠬᠦ ᠠᠷᠭ᠎ᠠ︾ | ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠳᠣᠣᠷᠠᠬᠢ ᠮᠡᠲᠦ ᠵᠠᠷᠯᠠᠪᠠ᠄ | ᠨᠢᠭᠡ᠂ ᠠᠭᠤᠯᠭ᠎ᠠ ᠶᠢᠨ ᠲᠣᠶᠢᠮᠣ ᠪᠠᠶᠢᠳᠠᠯ | 1. ᠨᠡᠷᠡᠶᠢᠳᠦᠯ᠄ ︽ᠤᠯᠠᠭᠠᠨᠴᠠᠪ ᠬᠤᠲᠠ ᠶᠢᠨ ᠤᠯᠤᠰ ᠤᠨ ᠠᠯᠪᠠᠲᠠᠨ ᠤ ᠡᠮ ᠡᠮᠨᠡᠯᠭᠡ ᠶᠢᠨ ᠨᠥᠬᠦᠪᠦᠷᠢ ᠶᠢᠨ | ᠬᠡᠷᠡᠭᠵᠢᠭᠦᠯᠬᠦ ᠠᠷᠭ᠎ᠠ︾ | 2. ᠬᠡᠷᠡᠭᠵᠢᠭᠦᠯᠬᠦ ᠨᠢᠭᠡᠴᠢ᠄ ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | 3. ᠡᠮ ᠡᠮᠨᠡᠯᠭᠡ ᠶᠢᠨ ᠨᠥᠬᠦᠪᠦᠷᠢ ᠶᠢᠨ ᠬᠠᠮᠤᠷᠬᠤ ᠬᠦᠷᠢᠶ᠎ᠡ ᠬᠡᠪᠴᠢᠶ᠎ᠡ᠄ | ︵1︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠶᠢᠨ ᠲᠣᠭᠲᠠᠭᠠᠯ ᠳᠤ | ᠨᠡᠶᠢᠴᠡᠬᠦ ᠤᠯᠠᠭᠠᠨᠴᠠᠪ ᠬᠤᠲᠠ ᠶᠢᠨ ᠤᠯᠤᠰ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠪᠠ ᠠᠵᠢᠯ ᠠᠴᠠ | ᠠᠮᠠᠷᠠᠭᠰᠠᠳ᠃ | ︵2︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠤᠯᠤᠰ ᠤᠨ ᠠᠯᠪᠠᠲᠠᠨ ᠤ ᠳᠦᠷᠢᠮ | ᠢᠶᠠᠷ ᠯᠠᠪᠯᠠᠯᠳᠠ ᠪᠤᠯᠭᠠᠨ ᠬᠠᠮᠢᠶᠠᠷᠬᠤ ᠳᠤ ᠤᠷᠤᠭᠤᠯᠤᠭᠰᠠᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠠ | ᠠᠵᠢᠯ ᠠᠴᠠ ᠠᠮᠠᠷᠠᠭᠰᠠᠳ᠃ | ︵3︶ ᠪᠦᠬᠦ ᠲᠣᠭᠠᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠠ ᠠᠵᠢᠯ ᠠᠴᠠ ᠠᠮᠠᠷᠠᠭᠰᠠᠳ᠃ | ︵4︶ ᠬᠤᠲᠠ ᠶᠢᠨ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠡᠳ ᠤᠯᠤᠰ ᠤᠨ ᠠᠯᠪᠠᠲᠠᠨ ᠤ ᠳᠦᠷᠢᠮ ᠢᠶᠠᠷ | ᠯᠠᠪᠯᠠᠯᠲᠠ ᠪᠣᠯᠭᠠᠨ ᠬᠠᠮᠢᠶᠠᠷᠬᠤ ᠳᠤ ᠣᠷᠣᠭᠤᠯᠤᠭᠰᠠᠨ ᠨᠠᠮ ᠪᠠ ᠣᠯᠠᠨ ᠲᠦᠮᠡᠨ ᠤ ᠪᠠᠶᠢᠭᠤᠯᠭ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠡᠯ᠎ᠡ ᠠᠷᠠᠳᠴᠢᠯᠠᠭᠰᠠᠨ | ᠨᠠᠮ ᠪᠦᠯᠦᠭ ᠪᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠠᠶᠢᠭᠤᠯᠭ᠎ᠠ ᠵᠢᠴᠢ ᠤᠯᠤᠰ ᠤᠨ ᠠᠯᠪᠠᠲᠠᠨ ᠤ | ᠬᠠᠮᠢᠶᠠᠷᠤᠯᠲᠠ ᠪᠠᠷ ᠯᠠᠪᠯᠠᠯᠲᠠ ᠪᠣᠯᠭᠠᠨ ᠬᠠᠮᠢᠶᠠᠷᠬᠤ ᠳᠤ ᠣᠷᠣᠭᠤᠯᠤᠭᠰᠠᠨ ᠪᠤᠰᠤᠳ ᠪᠠᠶᠢᠭᠤᠯᠭ᠎ᠠ ᠨᠢᠭᠡᠴᠢ ᠶᠢᠨ | ᠠᠵᠢᠯᠲᠠᠨ ᠪᠠ ᠠᠵᠢᠯ ᠠᠴᠠ ᠠᠮᠠᠷᠠᠭᠰᠠᠳ᠃ | 4. ᠡᠮ ᠡᠮᠨᠡᠯᠭᠡ ᠶᠢᠨ ᠨᠥᠬᠦᠪᠦᠷᠢ ᠶᠢᠨ ᠵᠠᠷᠤᠳᠠᠯ ᠢ ᠴᠤᠭᠯᠠᠭᠤᠯᠬᠤ ᠪᠠ ᠬᠡᠷᠡᠭᠯᠡᠬᠦ᠄ | ︵1︶ ᠠᠯᠪᠠᠲᠠᠨ ᠤ ᠡᠮ ᠡᠮᠨᠡᠯᠭᠡ ᠶᠢᠨ ᠨᠥᠬᠦᠪᠦᠷᠢ ᠶᠢᠨ ᠪᠡᠯᠡ ᠴᠤᠭᠯᠠᠭᠤᠯᠬᠤ ᠪᠠᠷᠢᠮᠵᠢᠶ᠎ᠠ ᠨᠢ᠂ ᠠᠵᠢᠯ ᠳᠤ | ᠪᠠᠶᠢᠭ᠎ᠠ ᠠᠵᠢᠯᠲᠠᠨ ᠨᠢ ᠬᠥᠮᠥᠨ ᠬᠡᠷᠡᠭᠯᠡᠬᠦ ᠨᠢᠭᠡᠴᠢ ᠶᠢᠨ ᠳᠡᠭᠡᠷ᠎ᠡ ᠵᠢᠯ ᠤᠨ ᠠᠵᠢᠯᠲᠠᠨ ᠠᠵᠢᠯᠴᠢᠨ ᠤ ᠪᠦᠬᠦ ᠵᠢᠯ ᠤᠨ | ᠴᠠᠯᠢᠩ ᠤᠨ ᠶᠡᠷᠦᠩᠬᠡᠢ ᠲᠣᠭᠠᠨ ᠤ 1.5% ᠃ ᠠᠵᠢᠯ ᠠᠴᠠ ᠠᠮᠠᠷᠠᠭᠰᠠᠳ ᠨᠢ 2021 ᠣᠨ ᠤ ᠪᠥᠬᠦ ᠣᠷᠣᠨ ᠤ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠤᠮᠳᠠᠴᠢ ᠲᠤᠭᠠᠨ ᠤ 1.5% ᠪᠣᠯᠣᠨ᠎ᠠ᠃ | ︵2︶ ᠠᠯᠪᠠᠲᠠᠨ ᠤ ᠡᠮ ᠡᠮᠨᠡᠯᠭᠡ ᠶᠢᠨ ᠨᠥᠬᠦᠪᠦᠷᠢ ᠶᠢᠨ ᠵᠠᠷᠤᠳᠠᠯ ᠢ ᠲᠣᠭᠲᠠᠭᠠᠭᠰᠠᠨ ᠪᠡᠯᠡ ᠴᠤᠭᠯᠠᠭᠤᠯᠬᠤ | ᠪᠠᠷᠢᠮᠵᠢᠶ᠎ᠠ ᠪᠠᠷ ᠴᠤᠭᠯᠠᠭᠤᠯᠬᠤ ᠶᠢᠨ ᠬᠠᠮᠲᠤ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ | ᠃ | ︵3︶ ᠠᠯᠪᠠᠲᠠᠨ ᠤ ᠡᠮ ᠡᠮᠨᠡᠯᠭᠡ ᠶᠢᠨ ᠨᠥᠬᠦᠪᠦᠷᠢ ᠶᠢᠨ ᠵᠠᠷᠤᠳᠠᠯ ᠢ ᠳᠣᠣᠷᠠᠬᠢ ᠵᠠᠷᠤᠯᠭ᠎ᠠ ᠳᠤ ᠨᠥᠬᠦᠪᠦᠷᠢ | ᠥᠭᠬᠦ ᠳᠤ ᠬᠡᠷᠡᠭᠯᠡᠨ᠎ᠡ᠄ ① ︽ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ︾ ︽ᠥᠪᠥᠷ | ᠮᠣᠩᠭᠤᠯ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠣᠨᠣᠰᠢᠯᠠᠨ ᠡᠮᠨᠡᠬᠦ | ᠲᠥᠷᠥᠯ ᠵᠦᠢᠯ ᠵᠢᠴᠢ ᠡᠮ ᠡᠮᠨᠡᠯᠭᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠠᠷᠢᠮᠵᠢᠶ᠎ᠠ ᠶᠢᠨ ᠬᠡᠪᠴᠢᠶᠡᠨ ᠤ | ᠭᠠᠷᠴᠠᠭ︾ ︵︽ᠭᠤᠷᠪᠠᠨ ᠭᠠᠷᠴᠠᠭ︾ ᠭᠡᠵᠦ ᠲᠣᠪᠴᠢᠯᠠᠨ᠎ᠠ︶ ᠲᠤ ᠨᠡᠶᠢᠴᠡᠨ᠎ᠡ᠃ ② ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠬᠤ ᠶᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠪᠠ ᠶᠡᠭᠡ | ᠲᠣᠭᠠᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠤᠭ ᠤᠨ ᠥᠨᠳᠥᠷ ᠲᠥᠯᠥᠬᠦ ᠬᠢᠵᠠᠭᠠᠷ ᠲᠣᠭᠠᠨ ᠤ ᠨᠡᠶᠢᠯᠡᠪᠦᠷᠢ | 38 ᠲᠦᠮᠡᠨ ᠲᠥᠭᠦᠷᠢᠭ ᠠᠴᠠ ᠳᠣᠭᠤᠭᠰᠢ᠂ ᠬᠤᠪᠢ ᠬᠥᠮᠥᠨ ᠤ ᠥᠪᠡᠷᠲᠡᠭᠡᠨ ᠲᠥᠯᠥᠬᠦ ᠮᠦᠩᠬᠦ ᠨᠢ ᠨᠡᠶᠢᠯᠡᠭᠡᠳ | 1000 ᠲᠥᠭᠦᠷᠢᠭ ᠠᠴᠠ ᠬᠡᠲᠦᠷᠡᠭᠰᠡᠨ ᠡᠮ ᠡᠮᠨᠡᠯᠭᠡ ᠶᠢᠨ ᠵᠠᠷᠤᠳᠠᠯ᠃③ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠡᠮᠨᠡᠯᠭᠡ ᠳᠤ ᠰᠠᠭᠤᠬᠤ ᠶᠢ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠪᠠ ᠶᠡᠭᠡ ᠲᠣᠭᠠᠨ ᠤ ᠡᠮ | ᠡᠮᠨᠡᠯᠭᠡ ᠶᠢᠨ ᠳᠠᠭᠠᠳᠬᠠᠯ ᠤᠨ ᠬᠠᠮᠤᠭ ᠥᠨᠳᠥᠷ ᠲᠥᠯᠥᠬᠦ ᠬᠢᠵᠠᠭᠠᠷ ᠲᠣᠭᠠᠨ ᠤ ᠨᠡᠶᠢᠯᠡᠪᠦᠷᠢ ᠶᠢᠨ 38 ᠲᠦᠮᠡᠨ | ᠲᠥᠭᠦᠷᠢᠭ ᠠᠴᠠ ᠳᠡᠭᠡᠭᠰᠢᠬᠢ ᠬᠡᠰᠡᠭ ᠤᠨ ᠡᠮ ᠡᠮᠨᠡᠯᠭᠡ ᠶᠢᠨ ᠵᠠᠷᠤᠳᠠᠯ᠃④ ᠮᠠᠨ ᠤ ᠬᠤᠲᠠ ᠶᠢᠨ ᠠᠯᠪᠠᠲᠠᠨ ᠵᠢᠴᠢ | ᠠᠵᠢᠯ ᠦᠢᠯᠡᠰ ᠤᠨ ᠨᠢᠭᠡᠴᠢ ᠶᠢᠨ ᠪᠦᠬᠦ ᠠᠵᠢᠯᠲᠠᠨ ᠤ ᠤᠤᠯ ᠤᠨ ᠡᠳ᠋ ᠤᠨ ᠵᠠᠰᠠᠭ ᠪᠠ ᠬᠤᠪᠢ ᠬᠥᠮᠥᠨ ᠤ | ᠬᠤᠪᠢᠶᠠᠨ ᠡᠭᠦᠷᠭᠡᠯᠡᠵᠦ ᠪᠠᠶᠢᠭᠰᠠᠨ 192 ᠲᠥᠭᠦᠷᠢᠭ ᠤᠨ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ ᠤᠨ | ᠰᠦᠢᠳᠬᠡᠯ ᠢ ᠠᠯᠪᠠᠲᠠᠨ ᠤ ᠨᠥᠬᠦᠪᠦᠷᠢ ᠵᠠᠷᠤᠳᠠᠯ ᠠᠴᠠ ᠭᠠᠷᠭᠠᠨ᠎ᠠ᠃ | ︵4︶ ᠠᠯᠪᠠᠲᠠᠨ ᠤ ᠡᠮ ᠡᠮᠨᠡᠯᠭᠡ ᠶᠢᠨ ᠨᠥᠬᠦᠪᠦᠷᠢ ᠶᠢᠨ ᠵᠠᠷᠤᠳᠠᠯ ᠢ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠰᠠᠭᠤᠷᠢ ᠮᠥᠩᠭᠦ ᠲᠠᠢ ᠳᠠᠩᠰᠠ ᠬᠤᠪᠢᠶᠠᠨ ᠲᠣᠭᠠᠴᠠᠭ᠎ᠠ ᠬᠢᠵᠦ᠂ ᠲᠤᠰᠬᠠᠢ ᠵᠣᠭᠤᠰ ᠢ ᠲᠤᠰᠬᠠᠢ | ᠵᠦᠢᠯ ᠳᠤ ᠬᠡᠷᠡᠭᠯᠡᠬᠦ ᠶᠢᠨ ᠬᠠᠮᠲᠤ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠶᠣᠰᠣᠭᠠᠷ ᠴᠢᠩᠭ᠎ᠠ | ᠬᠠᠮᠢᠶᠠᠷᠤᠨ᠎ᠠ᠃ | 5. ᠡᠮ ᠡᠮᠨᠡᠯᠭᠡ ᠶᠢᠨ ᠨᠥᠬᠦᠪᠦᠷᠢ ᠶᠢᠨ ᠪᠠᠷᠢᠮᠵᠢᠶ᠎ᠠ | ︵1︶ ᠲᠣᠰ ᠲᠦᠷ ᠬᠡᠷᠡᠭᠵᠢᠭᠦᠯᠬᠦ ᠠᠷᠭ᠎ᠠ ᠶᠢᠨ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠤᠨ | ᠵᠠᠷᠤᠯᠭ᠎ᠠ ᠳᠤ ᠳᠣᠣᠷᠠᠬᠢ ᠪᠠᠷᠢᠮᠵᠢᠶ᠎ᠠ ᠪᠠᠷ ᠨᠥᠬᠦᠪᠦᠷᠢ ᠥᠭᠭᠦᠨ᠎ᠡ᠄ ① ᠨᠢᠭᠡ ᠵᠢᠯ ᠤᠨ ᠳᠣᠲᠣᠷ᠎ᠠ ᠡᠭᠦᠰᠦᠭᠰᠡᠨ | ᠡᠮᠨᠡᠯᠭᠡ ᠳᠤ ᠰᠠᠭᠤᠭᠰᠠᠨ ᠡᠮ ᠡᠮᠨᠡᠯᠭᠡ ᠶᠢᠨ ᠵᠠᠷᠤᠳᠠᠯ ︵ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠨᠢᠭᠡᠳᠦᠯᠲᠡᠢ ᠴᠤᠭᠯᠠᠭᠤᠯᠬᠤ ᠰᠠᠭᠤᠷᠢ ᠮᠥᠩᠭᠦ ᠶᠢᠨ ᠲᠥᠯᠥᠬᠦ ᠬᠡᠪᠴᠢᠶᠡᠨ ᠳᠤ ᠣᠷᠣᠭᠤᠯᠤᠭᠰᠠᠨ ᠡᠭᠦᠳᠡᠨ | ᠡᠮᠨᠡᠯᠭᠡ ᠶᠢᠨ ᠬᠥᠬᠡ ᠲᠥᠷᠥᠯ ᠤᠨ ᠤᠳᠠᠭᠠᠨ ᠴᠢᠨᠠᠷᠲᠠᠢ ᠡᠪᠡᠳᠴᠢᠨ ᠪᠠᠭᠲᠠᠨ᠎ᠠ︶᠃ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠪᠠ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ ᠢᠶᠠᠷ ᠲᠠᠩᠰᠠ ᠲᠠᠶᠢᠯᠤᠭᠰᠠᠨ ᠤ ᠳᠠᠷᠠᠭ᠎ᠠ᠂ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ | ᠲᠥᠯᠥᠪᠯᠡᠬᠦ ᠰᠠᠭᠤᠷᠢ ᠮᠥᠩᠭᠦ ᠪᠠ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠤᠭ ᠤᠨ ᠥᠨᠳᠥᠷ | ᠲᠥᠯᠥᠬᠦ ᠬᠢᠵᠠᠭᠠᠷ ᠲᠤᠭ᠎ᠠ ᠶᠢᠨ ᠨᠡᠶᠢᠯᠡᠪᠦᠷᠢ ᠠᠴᠠ 38 ᠲᠦᠮᠡᠨ ᠲᠥᠭᠦᠷᠢᠭ ᠠᠴᠠ ᠳᠣᠷᠣᠭᠰᠢ ᠪᠠᠶᠢᠪᠠᠯ᠂ ᠬᠤᠪᠢ | ᠬᠥᠮᠥᠨ ᠨᠡᠶᠢᠲᠡ 1000 ᠲᠥᠭᠦᠷᠢᠭ ᠠᠴᠠ ᠳᠡᠭᠡᠭᠰᠢ ᠡᠮ ᠡᠮᠨᠡᠯᠭᠡ ᠶᠢᠨ ᠵᠠᠷᠤᠳᠠᠯ ᠢ ᠡᠭᠦᠷᠭᠡᠯᠡᠵᠦ᠂ ᠠᠵᠢᠯ ᠳᠤ | ᠪᠠᠶᠢᠭ᠎ᠠ ᠬᠥᠮᠥᠰ ᠲᠤ 90% ᠶᠢᠨ ᠨᠥᠬᠦᠪᠦᠷᠢ ᠥᠭᠴᠦ᠂ ᠠᠵᠢᠯ ᠠᠴᠠ ᠪᠠᠨ ᠠᠮᠠᠷᠠᠭᠰᠠᠳ ᠲᠤ 95% ᠶᠢᠨ | ᠨᠥᠬᠦᠪᠦᠷᠢ ᠥᠭᠭᠦᠨ᠎ᠡ᠃② ᠨᠢᠭᠡ ᠵᠢᠯ ᠤᠨ ᠳᠣᠲᠣᠷ᠎ᠠ ᠡᠭᠦᠰᠦᠭᠰᠡᠨ ᠡᠮᠨᠡᠯᠭᠡ ᠳᠤ ᠰᠠᠭᠤᠭᠰᠠᠨ ᠡᠮ ᠡᠮᠨᠡᠯᠭᠡ ᠶᠢᠨ | ᠵᠠᠷᠤᠳᠠᠯ ︵ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ ᠴᠤᠭᠯᠠᠭᠤᠯᠬᠤ ᠰᠠᠭᠤᠷᠢ ᠮᠥᠩᠭᠦ ᠶᠢᠨ | ᠲᠥᠯᠥᠬᠦ ᠬᠡᠪᠴᠢᠶᠡᠨ ᠳᠤ ᠣᠷᠣᠭᠤᠯᠤᠭᠰᠠᠨ ᠡᠭᠦᠳᠡᠨ ᠡᠮᠨᠡᠯᠭᠡ ᠶᠢᠨ ᠬᠥᠬᠡ ᠲᠥᠷᠥᠯ ᠤᠨ ᠤᠳᠠᠭᠠᠨ ᠴᠢᠨᠠᠷᠲᠠᠢ | ᠡᠪᠡᠳᠴᠢᠨ ᠪᠠᠭᠲᠠᠨ᠎ᠠ︶᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠶᠡᠭᠡ ᠲᠣᠭᠠᠨ ᠤ ᠡᠮ ᠡᠮᠨᠡᠯᠭᠡ ᠶᠢᠨ | ᠳᠠᠭᠠᠳᠬᠠᠯ ᠢᠶᠠᠷ ᠲᠠᠩᠰᠠ ᠲᠠᠶᠢᠯᠤᠭᠰᠠᠨ ᠤ ᠳᠠᠷᠠᠭ᠎ᠠ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠪᠠ ᠶᠡᠭᠡ ᠲᠣᠭᠠᠨ ᠤ ᠡᠮ | ᠡᠮᠨᠡᠯᠭᠡ ᠶᠢᠨ ᠳᠠᠭᠠᠳᠬᠠᠯ ᠤᠨ ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠶᠢᠨ ᠨᠡᠶᠢᠯᠡᠪᠦᠷᠢ 38 ᠲᠦᠮᠡᠨ | ᠲᠥᠭᠦᠷᠢᠭ ᠠᠴᠠ ᠳᠡᠭᠡᠭᠰᠢᠬᠢ ᠬᠡᠰᠡᠭ ᠢ 70% ᠪᠠᠷ ᠨᠥᠬᠦᠪᠦᠷᠢᠯᠡᠵᠦ᠂ ᠬᠠᠮᠤᠭ ᠤᠨ ᠥᠨᠳᠥᠷ ᠲᠥᠯᠥᠬᠦ ᠬᠢᠵᠠᠭᠠᠷ | ᠲᠤᠭ᠎ᠠ ᠨᠢ 20 ᠲᠦᠮᠡᠨ ᠲᠥᠭᠦᠷᠢᠭ ᠪᠣᠯᠣᠨ᠎ᠠ᠃ | ︵2︶ ᠪᠥᠬᠦ ᠬᠤᠲᠠ ᠶᠢᠨ ᠠᠯᠪᠠᠲᠠᠨ ᠪᠠ ᠪᠥᠬᠦ ᠲᠣᠭᠠᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠳᠤ | ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ ᠣᠯᠭᠤᠵᠤ᠂ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ ᠤᠨ | ᠬᠠᠷᠠᠭᠠᠯᠵᠠᠯ ᠢ ᠬᠦᠷᠲᠡᠭᠡᠨ᠎ᠡ᠃ | ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠂ ᠪᠣᠳᠠᠲᠠᠢ ᠬᠡᠯᠪᠡᠷᠢ ᠵᠢᠴᠢ ᠬᠤᠭᠤᠴᠠᠭ᠎ᠠ | ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠄ | 1. ︽ᠤᠯᠠᠭᠠᠨᠴᠠᠪ ᠬᠤᠲᠠ ᠶᠢᠨ ᠤᠯᠤᠰ ᠤᠨ ᠠᠯᠪᠠᠲᠠᠨ ᠤ ᠡᠮ ᠡᠮᠨᠡᠯᠭᠡ ᠶᠢᠨ ᠨᠥᠬᠦᠪᠦᠷᠢ ᠶᠢᠨ ᠬᠡᠷᠡᠭᠵᠢᠭᠦᠯᠬᠦ | ᠠᠷᠭ᠎ᠠ︾ ᠳᠤ ᠬᠠᠨᠳᠤᠬᠤ ᠣᠪᠣᠷ᠃ | 2. ︽ᠤᠯᠠᠭᠠᠨᠴᠠᠪ ᠬᠤᠲᠠ ᠶᠢᠨ ᠤᠯᠤᠰ ᠤᠨ ᠠᠯᠪᠠᠲᠠᠨ ᠤ ᠡᠮ ᠡᠮᠨᠡᠯᠭᠡ ᠶᠢᠨ ᠨᠥᠬᠦᠪᠦᠷᠢ ᠶᠢᠨ ᠬᠡᠷᠡᠭᠵᠢᠭᠦᠯᠬᠦ | ᠠᠷᠭ᠎ᠠ︾ ᠳᠤ ᠨᠡᠶᠢᠭᠡᠮ ᠤᠨ ᠲᠣᠭᠲᠠᠭᠤᠨ ᠲᠦᠭᠰᠢᠭᠦᠷᠢ ᠡᠭᠦᠰᠴᠦ ᠮᠡᠳᠡᠬᠦ ᠪᠠᠶᠢᠳᠠᠯ᠃ | 3. ︽ᠤᠯᠠᠭᠠᠨᠴᠠᠪ ᠬᠤᠲᠠ ᠶᠢᠨ ᠤᠯᠤᠰ ᠤᠨ ᠠᠯᠪᠠᠲᠠᠨ ᠤ ᠡᠮ ᠡᠮᠨᠡᠯᠭᠡ ᠶᠢᠨ ᠨᠥᠬᠦᠪᠦᠷᠢ ᠶᠢᠨ ᠬᠡᠷᠡᠭᠵᠢᠭᠦᠯᠬᠦ | ᠠᠷᠭ᠎ᠠ︾ ᠶᠢᠨ ᠲᠤᠬᠠᠢ ᠪᠤᠰᠤᠳ ᠰᠠᠨᠠᠯ ᠪᠠ ᠰᠠᠨᠠᠭᠤᠯᠭ᠎ᠠ᠃ | ᠲᠣᠰ ᠬᠡᠷᠡᠭᠵᠢᠭᠦᠯᠬᠦ ᠠᠷᠭ᠎ᠠ ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠣᠯᠠᠨ | ᠨᠡᠶᠢᠲᠡ ᠶᠢᠨ ᠰᠠᠨᠠᠯ ᠪᠠ ᠰᠠᠨᠠᠭᠤᠯᠭ᠎ᠠ ᠶᠢ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ | ᠡᠳᠦᠷ ᠤᠨ ᠳᠣᠲᠣᠷ᠎ᠠ᠂ ᠳᠣᠣᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ ᠪᠤᠶᠤ ᠦᠨᠡᠯᠡᠨ ᠵᠢᠱᠢᠬᠦ ᠨᠢᠭᠡᠴᠢ ᠳᠤ ᠬᠠᠷᠢᠭᠤ ᠲᠤᠰᠬᠠᠵᠦ ᠪᠤᠯᠤᠨ᠎ᠠ᠃ | ᠭᠤᠷᠪᠠ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠬᠤ ᠶᠢᠨ ᠬᠠᠷᠢᠭᠤ ᠲᠤᠰᠬᠠᠬᠤ ᠠᠷᠭ᠎ᠠ ᠵᠠᠮ᠂ ᠠᠷᠭ᠎ᠠ | ᠮᠠᠶ᠋ᠢᠭ | 1. ᠦᠨᠡᠯᠡᠨ ᠵᠢᠱᠢᠬᠦ ᠪᠡᠶᠡᠴᠢ ᠴᠣᠭᠴᠠ ᠶᠢᠨ ᠬᠠᠷᠢᠯᠴᠠᠬᠤ ᠠᠷᠭ᠎ᠠ ᠮᠠᠶ᠋ᠢᠭ | ᠬᠡᠷᠡᠭᠵᠢᠭᠦᠯᠬᠦ ᠨᠢᠭᠡᠴᠢ᠄ ᠤᠯᠠᠭᠠᠨᠴᠠᠪ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | ᠨᠢᠭᠡᠴᠢ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ | ᠵᠢᠨᠢᠩ ᠲᠣᠭᠤᠷᠢᠭ ᠤᠨ ᡁᠢ ᠶᠤᠸᠠᠨ ᠵᠡᠭᠡᠯᠢ ᠶᠢᠨ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠣᠮᠣ ᠠᠰᠠᠷ ᠤᠨ 919 ᠥᠷᠥᠭᠡ᠂ ᠰᠢᠤᠳᠠᠨ ᠳ᠋ᠤᠭᠠᠷ᠄ 012000 ᠪᠥᠭᠡᠳ ᠵᠠᠬᠢᠳᠠᠯ ᠤᠨ ᠳᠤᠭᠲᠤᠢ | ᠳᠡᠭᠡᠷ᠎ᠡ ᠪᠠᠨ ︽︿ᠬᠡᠷᠡᠭᠵᠢᠭᠦᠯᠬᠦ ᠠᠷᠭ᠎ᠠ﹀ ᠶᠢᠨ ᠰᠠᠨᠠᠯ︾ ᠢ ᠲᠣᠳᠣᠷᠬᠠᠶᠢᠯᠠᠨ᠎ᠠ᠃ | ᠬᠠᠷᠢᠯᠴᠠᠬᠤ ᠬᠥᠮᠥᠨ᠄ ᠶᠠᠨ ᠵᠢᠤᠸᠠᠨ | ᠬᠠᠷᠢᠯᠴᠠᠬᠤ ᠤᠲᠠᠰᠤ᠄ 0474 ︱ 8203135 | ᠢᠮᠧᠯ᠄ 877933232@qq.com | 2. ᠦᠨᠡᠯᠡᠨ ᠵᠢᠱᠢᠬᠦ ᠨᠢᠭᠡᠴᠢ ᠶᠢᠨ ᠬᠠᠷᠢᠯᠴᠠᠬᠤ ᠠᠷᠭ᠎ᠠ ᠮᠠᠶ᠋ᠢᠭ | ᠦᠨᠡᠯᠡᠨ ᠵᠢᠱᠢᠬᠦ ᠨᠢᠭᠡᠴᠢ᠄ ᠥᠪᠥᠷ ᠮᠣᠩᠭᠤᠯ ᠤᠨ ᠷᠦᠩ ᠲᠠᠢ ᠢᠨᠵᠧᠨᠧᠷᠢᠩ ᠤᠨ ᠲᠥᠷᠥᠯ ᠵᠦᠢᠯ ᠤᠨ | ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ | ᠪᠠᠶᠢᠭᠤᠯᠭ᠎ᠠ ᠶᠢᠨ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠲᠠᠢ ᠾᠧ ᠵᠠᠮ ᠤᠨ 4 ᠳ᠋ᠤᠭᠡᠷ | ᠨᠣᠮᠧᠷ | ᠬᠠᠷᠢᠯᠴᠠᠬᠤ ᠬᠥᠮᠥᠨ᠄ ᠵᠠᠩ ᠳᠠᠭᠠᠭᠠᠮᠠᠯ | ᠬᠠᠷᠢᠯᠴᠠᠬᠤ ᠤᠲᠠᠰᠤ᠄ 16647493818 | ᠢᠮᠧᠯ᠄ nmgrtgs@163.com | | | ᠵᠠᠷᠯᠠᠨ ᠨᠡᠶᠢᠲᠡᠯᠡᠭᠰᠡᠨ ᠡᠳᠦᠷ ᠬᠤᠭᠤᠴᠠᠭ᠎ᠠ᠄ 2023 ᠣᠨ ᠤ 10 ᠰᠠᠷ᠎ᠠ ᠶᠢᠨ 8 ᠤ ᠡᠳᠦᠷ | | | | | | |