ᠮᠠᠰᠢᠨ ᠲᠡᠷᠭᠡ ︽ᠭᠠᠯᠲᠤ ᠲᠡᠷᠭᠡᠨ ᠳᠤ ᠰᠠᠭᠤᠵᠤ︾ ᠮᠣᠰᠺᠸᠠ ᠵᠦᠭ ᠶᠠᠪᠤᠨ᠎ᠠ︕
ᠨᠡᠶᠢᠲᠡᠯᠡᠭᠰᠡᠨ ᠴᠠᠭ᠄
2023/10/9
    ᠳᠣᠯᠣᠳᠤᠭᠠᠷ ᠰᠤᠮᠤ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠠᠵᠢᠯᠲᠠᠳ ᠴᠢᠩᠭᠡᠯᠢᠭ ᠲᠤ ᠤᠷᠤᠭᠤᠯᠤᠭᠰᠠᠨ ᠲᠡᠷᠭᠡ ᠪᠣᠯᠣᠨ ᠴᠢᠩᠭᠡᠯᠢᠭ ᠤᠨ ᠲᠤᠭ᠎ᠠ ᠪᠠᠷᠢᠮᠲᠠ ᠶᠢ ᠨᠠᠷᠢᠨ ᠬᠢᠨᠠᠮᠠᠭᠠᠢ ᠬᠠᠷᠭᠤᠭᠤᠯᠵᠤ ᠪᠠᠶᠢᠨ᠎ᠠ᠃ ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠰᠤ᠋ ᠶᠦᠩ ᠱᠧᠩ ᠰᠡᠭᠦᠳᠡᠷᠯᠡᠪᠡ     9 ᠰᠠᠷ᠎ᠠ ᠶᠢᠨ 26 ᠤ ᠡᠳᠦᠷ ᠤᠨ ᠥᠷᠯᠥᠭᠡ ᠡᠷᠲᠡ᠂ ᠤᠯᠠᠭᠠᠨᠴᠠᠪ ᠤᠨ ᠳᠣᠯᠣᠳᠤᠭᠠᠷ ᠰᠤᠮᠤ ᠶᠢᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ᠂ ᠴᠢ ᠷᠦᠢ ᠶᠢᠨ ᠣᠷᠳᠣᠰ ᠤᠨ ᠬᠤᠪᠢᠶᠠᠷᠢ ᠺᠣᠮᠫᠠᠨᠢ ᠶᠢᠨ ᠦᠢᠯᠡᠳᠪᠦᠷᠢᠯᠡᠭᠰᠡᠨ165 ᠮᠠᠰᠢᠨ ᠲᠡᠷᠭᠡ ᠶᠢ ᠴᠢᠩᠭᠡᠯᠢᠭ ᠲᠤ ᠤᠷᠤᠭᠤᠯᠵᠤ᠂ 27 ᠤ ᠡᠳᠦᠷ ᠤᠨ ᠲᠡᠭ ᠴᠠᠭ ᠲᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠳᠤ ᠰᠠᠭᠤᠵᠤ ᠣᠷᠣᠰ ᠤᠨ ᠨᠡᠶᠢᠰᠯᠡᠯ ᠮᠣᠰᠺᠸᠠ ᠳᠤ ᠶᠠᠪᠤᠭᠤᠯᠵᠠᠢ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2