ᠴᠢ ᠹᠧᠢ ᠶᠦᠨ ᠵᠢᠨᠢᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/10/9
   10 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠵᠢᠨᠢᠩ ᠲᠣᠭᠤᠷᠢᠭ ᠲᠤ ᠭᠦᠨᠵᠡᠭᠡᠶᠢᠷᠡᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃    ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠵᠢᠯᠤᠭᠤᠳᠬᠤ ᠲᠥᠪ ᠲᠤ᠂ ᠴᠢ ᠹᠧᠢ ᠶᠦᠨ ᠵᠠᠮ ᠬᠠᠷᠢᠯᠴᠠᠭᠠᠨ ᠤ ᠬᠠᠮᠢᠶᠠᠷᠤᠯᠲᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠵᠡᠷᠭᠡ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠪᠠ᠃ ᠲᠡᠷᠡ᠂ ᠪᠣᠯᠪᠠᠰᠤᠨ ᠵᠠᠮ ᠬᠠᠷᠢᠯᠴᠠᠭ᠎ᠠ ᠶᠢ ᠴᠣᠭᠴᠠᠯᠠᠬᠤ ᠪᠠ ᠴᠣᠩᠬᠤᠪᠴᠢ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢᠨ ᠴᠢᠬᠤᠯᠠ ᠨᠢᠭᠡ ᠭᠤᠭᠴᠤᠭ᠎ᠠ ᠪᠣᠯᠣᠨ᠎ᠠ᠃ ᠬᠠᠮᠢᠶ᠎ᠠ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠳ ︽ᠭᠢᠯᠠᠯᠵᠠᠭᠰᠠᠨ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠣᠶᠤᠨᠴᠢᠯᠠᠭᠰᠠᠨ ᠲᠠᠰ ᠳᠡᠪᠰᠢᠭᠦᠯᠬᠦ ᠠᠯᠬᠤᠴᠠ ᠪᠠᠨ ᠲᠦᠷᠭᠡᠳᠬᠡᠨ᠂ ᠵᠠᠮ ᠬᠠᠷᠢᠯᠴᠠᠭᠠᠨ ᠤ ᠳᠣᠬᠢᠶᠠᠨ ᠳ᠋ᠧᠩ ᠤᠨ ᠴᠠᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠣᠩᠬᠤᠪᠴᠢ ᠶᠢᠨ ᠠᠵᠢᠯᠲᠠᠨ ᠤ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠰᠦᠯᠵᠢᠶᠡᠨ ᠳᠡᠭᠡᠷ᠎ᠡ ᠭᠦᠢᠴᠡᠳᠬᠡᠬᠦ ᠴᠢᠳᠠᠮᠵᠢ ᠶᠢ ᠰᠢᠯᠢᠳᠡᠭᠵᠢᠭᠦᠯᠦᠨ᠂ ᠰᠦᠯᠵᠢᠶᠡᠨ ᠭᠠᠳᠠᠨ᠎ᠠ ᠬᠡᠷᠡᠭ ᠭᠦᠢᠴᠡᠳᠬᠡᠬᠦ ᠶᠠᠪᠤᠴᠠ ᠶᠢ ᠳᠥᠭᠦᠮᠴᠢᠯᠡᠵᠦ᠂      ︽ᠨᠢᠭᠡ ᠰᠦᠯᠵᠢᠶ᠎ᠡ ᠪᠠᠷ ᠭᠦᠢᠴᠡᠳᠬᠡᠬᠦ᠂ ᠠᠯᠠᠭᠠᠨ ᠳᠡᠭᠡᠷ᠎ᠡ ᠠᠴᠠ ᠭᠦᠢᠴᠡᠳᠬᠡᠬᠦ᠂ ᠣᠨᠳᠣᠣ ᠭᠠᠵᠠᠷ ᠲᠤ ᠭᠦᠢᠴᠡᠳᠬᠡᠬᠦ︾ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠪᠠᠭ᠎ᠠ ᠰᠤᠷᠭᠠᠭᠤᠯᠢ ᠳᠤ᠂ ᠴᠢ ᠹᠧᠢ ᠶᠦᠨ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠥᠷᠨᠢᠭᠦᠯᠵᠦ ᠪᠠᠶᠢᠭ᠎ᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠪᠠ ᠡᠳᠦᠷ ᠲᠤᠳᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠠᠭᠤᠰᠬᠠᠨ ᠣᠷᠣᠭᠤᠯᠵᠤ᠂ ᠲᠤᠬᠠᠢ ᠶᠢᠨ ᠭᠠᠵᠠᠷ ᠤᠨ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠡᠷᠡᠭᠯᠡᠨ᠂ ᠤᠯᠠᠨ ᠶᠠᠩᠵᠤ ᠶᠢᠨ ᠬᠡᠯᠪᠡᠷᠢ ᠲᠠᠢ᠂  ᠡᠯᠪᠡᠭ ᠪᠠᠶᠠᠯᠢᠭ ᠠᠭᠤᠯᠭ᠎ᠠ ᠲᠠᠢ ᠡᠬᠡ ᠣᠷᠣᠨᠴᠢ ᠦᠵᠡᠯ ᠤᠨ ᠬᠥᠮᠦᠵᠢᠯ ᠢ ᠢᠳᠡᠪᠬᠢᠲᠡᠢ ᠥᠷᠨᠢᠭᠦᠯᠵᠦ᠂ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠠᠨ ᠯᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠬᠢᠵᠠᠭᠠᠷᠲᠤ ᠺᠣᠮᠫᠠᠨᠢ ᠳᠤ᠂ ᠴᠢ ᠹᠧᠢ ᠶᠦᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠠᠢ᠃ ᠲᠡᠷᠡ᠂ ᠬᠤᠭ ᠨᠣᠪᠰᠢ ᠶᠢ ᠲᠦᠷᠦᠯ ᠬᠤᠪᠢᠶᠠᠬᠤ ᠪᠠ ᠬᠤᠷᠢᠶᠠᠨ ᠠᠪᠴᠤ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠬᠠᠶᠠᠭᠳᠠᠮᠠᠯ ᠪᠣᠳᠠᠰ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ ᠶᠢᠨ ᠲᠣᠭᠤᠷᠢᠨ ᠳᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ  ᠰᠡᠭᠦᠯ ᠤᠨ ᠬᠡᠢ ᠶᠢ ᠠᠰᠢᠭᠯᠠᠬᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠤᠯᠠᠨ ᠬᠦᠷᠢᠶᠡᠨ ᠳᠤ ᠬᠤᠣᠷ ᠦᠭᠡᠶᠢᠵᠢᠬᠦᠯᠦᠨ ᠰᠢᠢᠳᠪᠦᠷᠢᠯᠡᠬᠦ᠂ ᠡᠬᠢ ᠪᠠᠶᠠᠯᠢᠭᠵᠢᠭᠤᠯᠤᠨ ᠨᠡᠭᠡᠭᠡᠨ ᠬᠥᠭᠵᠢᠭᠦᠯᠬᠦ᠂ ᠠᠵᠤ ᠦᠢᠯᠡᠰᠵᠢᠭᠦᠯᠦᠨ ᠬᠥᠭᠵᠢᠭᠦᠯᠬᠦ ᠶᠢ ᠪᠦᠷᠢᠯᠳᠦᠭᠦᠯᠵᠦ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠣᠯᠣᠨ ᠠᠮᠢ ᠠᠬᠤᠢ ᠶᠢᠨ ᠦᠷ᠎ᠡ ᠠᠰᠢᠭ ᠤᠨ ᠨᠢᠭᠡᠳᠦᠯ ᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃     ᠶᠤᠸᠠᠢ ᠶᠠᠨ ᠮᠧᠢ᠂ ᠢᠦᠢ ᠬᠠᠢ ᠴᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2