| | 9 ᠰᠠᠷ᠎ᠠ ᠶᠢᠨ 28 ᠤ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠪᠡᠭᠡᠵᠢᠩ ᠤᠨ | ᠵᠦᠩ ᠬᠤᠩ ᡁᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠭᠠᠷ ᠤᠨ ᠦᠰᠦᠭ ᠵᠢᠷᠤᠬᠤ | ᠶᠣᠰᠣᠯᠠᠯ ᠶᠠᠪᠤᠭᠤᠯᠪᠠ᠃ ᠣᠷᠣᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠭᠤᠸᠠᠩ᠂ ᠭᠤᠸᠠᠩᠳᠦ᠋ᠩ ᠤᠨ | ᠳ᠋ᠡ ᠬᠤᠸ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠵᠢᠶᠠᠨ ᠵᠢᠶᠦ᠋ᠨ᠂ | ᠳᠤᠮᠳᠠᠳᠤ ᠤᠯᠤᠰ ᠤᠨ ᠡᠬᠢ ᠪᠠᠶᠠᠯᠢᠭ ᠵᠠᠮ ᠬᠠᠷᠢᠯᠴᠠᠭᠠᠨ ᠤ ᠪᠦᠯᠦᠭᠯᠡᠯ ᠺᠣᠮᠫᠠᠨᠢ ᠶᠢᠨ ᠬᠡᠷᠡᠭ ᠮᠡᠳᠡᠭᠴᠢᠳ ᠤᠨ | ᠲᠣᠪᠴᠢᠶ᠎ᠠ ᠶᠢᠨ ᠲᠡᠷᠢᠭᠦᠯᠡᠭᠴᠢ ᠭᠤᠸ ᡁᠢ ᠫᠢᠩ᠂ ᠵᠥᠩ ᠬᠤᠩ ᠽᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ᠂ ᠳᠡᠳ᠋ ᠶᠡᠷᠦᠩᠬᠡᠢ ᠳᠠᠭᠠᠭᠠᠮᠠᠯ ᠯᠢ ᠱᠧᠨ ᠭᠠᠷ ᠤᠨ ᠥᠰᠥᠭ ᠵᠢᠷᠤᠬᠤ | ᠶᠣᠰᠣᠯᠠᠯ ᠳᠤ ᠣᠷᠣᠯᠴᠠᠪᠠ᠃ | ᠶᠣᠰᠣᠯᠠᠯ ᠳᠡᠭᠡᠷ᠎ᠡ᠂ ᠱᠢ ᠭᠤᠸᠠᠩ ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠯᠢ ᠱᠧᠨ ᠲᠠᠢ | ᠵᠦᠩ ᠬᠤᠩ ᠽᠢ ᠵᠢᠩ ᠤᠯᠠᠭᠠᠨᠴᠠᠪ ᠤᠨ ᠡᠭᠦᠯᠡᠨ ᠳ᠋ᠠᠶᠢᠲ᠋ᠠ ᠶᠢᠨ ᠲᠥᠪ ᠤᠨ ︽ᠲᠥᠷᠥᠯ ᠵᠦᠢᠯ ᠤᠨ | ᠬᠠᠮᠲᠤᠷᠠᠯᠴᠠᠭᠠᠨ ᠤ ᠬᠡᠯᠡᠯᠴᠡᠭᠡᠷ︾ ᠳᠤ ᠭᠠᠷ ᠤᠨ ᠥᠰᠥᠭ ᠵᠢᠷᠤᠭᠰᠠᠨ ᠪᠥᠭᠡᠳ ᠬᠤᠶᠠᠷ ᠲᠠᠯ᠎ᠠ ᠪᠠᠷ ᠢᠶᠠᠨ ᠲᠣᠰ | ᠤᠳᠠᠭᠠᠨ ᠤ ᠭᠠᠷ ᠤᠨ ᠥᠰᠥᠭ ᠵᠢᠷᠤᠬᠤ ᠪᠠᠷ ᠠᠵᠠ ᠲᠣᠬᠢᠶᠠᠯ ᠪᠣᠯᠭᠠᠵᠤ᠂ ᠣᠯᠣᠯᠴᠠᠭ᠎ᠠ ᠪᠠᠨ ᠤᠯᠠᠮ ᠨᠢᠭᠡ | ᠠᠯᠬᠤᠮ ᠴᠢᠩᠭᠠᠳᠬᠠᠨ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠥᠷᠥᠯ ᠵᠦᠢᠯ ᠤᠨ ᠠᠰᠢᠭᠯᠠᠯᠳᠠ ᠳᠤ | ᠤᠷᠤᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 33.059 ᠳ᠋ᠦᠩᠰᠢᠭᠤᠷ ᠲᠥᠭᠦᠷᠢᠭ | ᠪᠠᠶᠢᠵᠤ᠂ ᠲᠥᠷᠥᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠤᠯᠠᠭᠠᠨᠴᠠᠪ ᠤᠨ ᠲᠣᠮᠣ | ᠳ᠋ᠠᠶᠢᠲ᠋ᠠ ᠶᠢᠨ ᠡᠭᠦᠯᠡᠨ ᠬᠠᠳᠠᠭᠠᠯᠠᠯᠲᠠ᠂ ᠡᠭᠦᠯᠡᠨ ᠪᠣᠳᠣᠯᠲᠠ᠂ ᠡᠭᠦᠯᠡᠨ ᠦᠢᠯᠡᠴᠢᠯᠡᠭᠡ᠂ ᠡᠭᠦᠯᠡᠨ ᠠᠮᠤᠷ ᠲᠦᠪᠰᠢᠨ | ᠵᠡᠷᠭᠡ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠬᠦᠷᠢᠶᠡᠨ ᠳᠠᠬᠢ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠣᠯᠠᠨ ᠵᠦᠢᠯ ᠤᠨ ᠬᠤᠭᠤᠰᠤᠨ ᠢ ᠨᠥᠬᠦᠪᠦᠷᠢᠯᠡᠵᠦ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ 15.4 | ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | | |