ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/1
    10 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ 2023 ᠣᠨ ᠤ 22 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠦᠯᠢᠶᠥᠦ ᠪᠦᠷᠬᠦᠪᠴᠢ ᠶᠢ ᠬᠤᠷᠢᠶᠠᠨ ᠠᠪᠬᠤ᠂ ᠲᠠᠷᠢᠮᠠᠯ ᠤᠨ ᠬᠤᠷᠢᠶᠠᠯᠲᠠ᠂ ᠪᠢᠯᠢᠭ ᠲᠤᠶᠢᠯ ᠤᠨ ᠮᠠᠲ᠋ᠧᠷᠢᠶᠠᠯ ᠤᠨ ᠠᠵᠤ ᠠᠬᠤᠶᠢᠯᠠᠯ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ᠂ ᠲᠡᠮᠦᠷ ᠬᠠᠶᠢᠯᠤᠰᠢ ᠶᠢᠨ ᠠᠵᠢᠯ ᠲᠥᠷᠥᠯ ᠤᠨ ᠪᠣᠬᠢᠷᠳᠣᠯ ᠦᠭᠡᠢ ᠴᠠᠬᠢᠯᠭᠠᠨ ᠢ ᠣᠷᠣᠯᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠢ ᠬᠢᠮᠳᠠ ᠲᠣᠬᠢᠯᠢᠭ ᠣᠷᠣᠨ ᠰᠠᠭᠤᠴᠠ ᠶᠢᠨ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠦᠯᠢᠶᠥᠦ ᠪᠦᠷᠬᠦᠪᠴᠢ ᠶᠢ ᠴᠡᠪᠡᠷᠯᠡᠵᠦ ᠬᠤᠷᠢᠶᠠᠨ ᠠᠪᠬᠤ ᠠᠵᠢᠯ ᠢ ᠲᠦᠷᠭᠡᠨ ᠪᠡᠶᠡᠯᠡᠭᠦᠯᠵᠦ᠂ ᠢᠷᠡᠬᠦ ᠵᠢᠯ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠢ ᠤᠷᠢᠳᠴᠢᠯᠠᠨ ᠲᠥᠯᠥᠪᠵᠢᠭᠦᠯᠵᠦ᠂ ᠲᠤᠶᠢᠯ ᠤᠨ ᠶᠡᠭᠡ ᠭᠠᠮᠰᠢᠭ ᠲᠠᠢ ᠴᠠᠭ ᠠᠭᠤᠷ ᠢ ᠠᠷᠭᠠᠴᠠᠬᠤ ᠠᠵᠢᠯ ᠢ ᠰᠠᠶᠢᠲᠤᠷ ᠬᠢᠵᠦ᠂ ᠠᠮᠤ ᠪᠤᠳᠠᠭᠠᠨ ᠤ ᠤᠨᠠᠯᠲᠠ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠥᠬᠦᠭᠡᠷᠦᠮᠵᠢᠲᠦ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠲᠠᠷᠢᠵᠤ ᠪᠣᠯᠬᠤ ᠦᠭᠡᠢ ᠭᠠᠵᠠᠷ ᠰᠢᠷᠣᠢ ᠶᠢ ᠰᠠᠶᠢᠨ ᠲᠠᠷᠢᠶ᠎ᠠ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠪᠥᠭᠡᠳ ᠠᠶᠤᠯᠭᠦᠢ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠪᠢᠯᠢᠭ ᠲᠤᠶᠢᠯ ᠤᠨ ᠮᠠᠲ᠋ᠧᠷᠢᠶᠠᠯ᠂ ᠲᠡᠮᠦᠷ ᠤᠨ ᠬᠠᠶᠢᠯᠤᠰᠢ ᠵᠡᠷᠭᠡ ᠠᠵᠢᠯ ᠲᠦᠷᠦᠯ ᠤᠨ ᠮᠡᠷᠭᠡᠵᠢᠯ ᠢ ᠥᠭᠡᠷᠡᠴᠢᠯᠡᠨ ᠲᠡᠰ ᠳᠡᠪᠰᠢᠭᠦᠯᠬᠦ ᠪᠠ ᠪᠣᠬᠢᠷᠳᠣᠯ ᠦᠭᠡᠢ ᠴᠠᠬᠢᠯᠭᠠᠨ ᠢ ᠣᠷᠣᠯᠠᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠦᠢᠯᠡᠳᠬᠦ ᠦᠢᠯᠡᠰ ᠤᠨ ᠳᠡᠭᠡᠳᠦ ᠦᠵᠦᠭᠦᠷᠴᠢᠯᠡᠬᠦ᠂ ᠣᠶᠤᠨᠴᠢᠯᠠᠬᠤ᠂ ᠪᠣᠬᠢᠷᠲᠤᠯ ᠦᠭᠡᠢ ᠪᠣᠯᠬᠤ ᠲᠡᠰᠢ ᠬᠥᠭᠵᠢᠬᠦ ᠶᠢ ᠠᠬᠢᠭᠤᠯᠵᠤ᠂ ᠠᠵᠢᠯ ᠲᠦᠷᠦᠯ ᠤᠨ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠣᠷᠣᠯᠭ᠎ᠠ ᠪᠠᠨ ᠨᠡᠮᠡᠭᠳᠡᠭᠦᠯᠬᠦ᠂ ᠮᠠᠯᠴᠢᠨ ᠲᠠᠷᠢᠶᠠᠴᠢᠨ ᠢ ᠪᠠᠶᠠᠵᠢᠭᠤᠯᠬᠤ ᠶᠢ ᠪᠦᠲᠦᠮᠵᠢᠲᠡᠶ ᠳᠠᠶᠢᠴᠢᠯᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ᠂ ᠬᠠᠤᠯᠢ ᠲᠣᠭᠲᠠᠭᠠᠯ ᠢ ᠵᠢᠷᠤᠮᠯᠠᠬᠤ ᠵᠠᠷᠴᠢᠮ ᠶᠣᠰᠣᠭᠠᠷ᠂ ᠬᠤᠳᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠤᠨ ᠠᠬᠢᠴᠠ ᠶᠢ ᠲᠦᠷᠭᠡᠪᠴᠢᠯᠡᠨ ᠠᠬᠢᠭᠤᠯᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠴᠢᠩᠭ᠎ᠠ ᠪᠣᠳᠠᠲᠠᠢ ᠠᠳᠬᠤᠵᠤ᠂ ᠤᠯᠠᠨ ᠲᠦᠮᠡᠨ ᠤ ᠣᠷᠣᠨ ᠰᠠᠭᠤᠴᠠ ᠶᠢᠨ ᠪᠡᠷᠬᠡ ᠰᠡᠳᠦᠪ ᠢ ᠦᠨᠡᠨ ᠬᠦ ᠰᠢᠢᠳᠪᠦᠷᠢᠯᠡᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠳᠤᠯᠠᠭᠠᠨ ᠪᠦᠯᠢᠶᠡᠨ ᠢᠶᠠᠷ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃                                           ᠣᠷᠴᠢᠭᠤᠯᠤᠭᠴᠢ᠄ ᠭᠤᠸ᠎ᠠ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2