ᠵᠢᠨᠢᠩ ᠲᠣᠭᠤᠷᠢᠭ 2023 ᠣᠨ ᠤ ᠭᠤᠷᠪᠠᠳᠤᠭᠠᠷ ᠤᠯᠠᠷᠢᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/1
    10 ᠰᠠᠷ᠎ᠠ ᠶᠢᠨ 30  ᠤ ᠡᠳᠦᠷ᠂ ᠵᠢᠨᠢᠩ ᠲᠣᠭᠤᠷᠢᠭ 2023 ᠣᠨ ᠤ ᠭᠤᠷᠪᠠᠳᠤᠭᠠᠷ ᠤᠯᠠᠷᠢᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠠᠴᠠ ᠠᠵᠢᠯ ᠤᠨ ᠦᠷ᠎ᠡ ᠪᠦᠲᠦᠮᠵᠢ ᠶᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠵᠦ᠂ ᠪᠦᠬᠦ ᠣᠷᠣᠨ ᠤ ᠳᠡᠭᠡᠳᠦ ᠳᠣᠣᠷᠠᠳᠤ ᠱᠠᠲᠤ ᠶᠢ ᠳᠠᠶᠢᠴᠢᠯᠠᠨ ᠪᠣᠭᠤᠮᠲᠠ ᠰᠢᠪᠲᠤᠯᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠪᠦᠬᠦ ᠵᠢᠯ ᠤᠨ ᠬᠠᠷᠠᠯᠲᠠ ᠳᠤ ᠰᠢᠪᠲᠤᠯᠤᠯᠲᠠ ᠬᠢᠪᠡ᠃     ᠬᠤᠷᠠᠯ ᠠᠴᠠ᠂ ᠡᠨᠡ ᠵᠢᠯ ᠠᠴᠠ ᠨᠠᠰᠢ᠂ ᠵᠢᠨᠢᠩ ᠲᠣᠭᠤᠷᠢᠭ ᠤᠨ ᠳᠡᠭᠡᠳᠦ ᠳᠣᠣᠷᠠᠳᠤ ᠱᠠᠲᠤᠨ ᠤ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠳᠦᠷᠢᠮ ᠲᠣᠭᠲᠠᠭᠠᠯ ᠪᠠ ᠠᠷᠭ᠎ᠠ ᠶᠢ ᠨᠡᠶᠢᠲᠡᠯᠡᠵᠦ᠂ ︽ᠲᠣᠮᠣ ᠠᠷᠠᠯᠵᠢᠶᠠᠴᠢᠨ ᠤᠷᠢᠬᠤ ᠦᠭᠡᠢ ᠪᠣᠯ ᠶᠡᠭᠡ ᠬᠥᠭᠵᠢᠯᠲᠡ ᠪᠠᠶᠢᠵᠤ ᠴᠢᠳᠠᠬᠤ ᠦᠭᠡᠢ︾ ᠭᠡᠰᠡᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ︽ᠣᠷᠣᠨ ᠤ ᠳᠡᠰ ᠤᠨ ᠤᠳᠤᠷᠢᠳᠤᠯᠭ᠎ᠠ ᠲᠦᠷᠦᠭᠦᠯᠡᠨ᠂ ᠪᠠᠶᠢᠭᠤᠯᠭ᠎ᠠ ᠰᠠᠯᠠᠭ᠎ᠠ ᠮᠥᠴᠢᠷ ᠭᠤᠣᠯᠯᠠᠨ ᠳᠠᠭᠠᠷᠢᠬᠤ︾ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ︽ᠭᠠᠷᠠᠭ ᠤᠨ ᠲᠣᠬᠢᠷᠠᠭᠤᠯᠭ᠎ᠠ᠂ ᠰᠠᠷ᠎ᠠ ᠶᠢᠨ ᠵᠢᠭᠰᠠᠭᠠᠯᠲᠠ᠂ ᠤᠯᠠᠷᠢᠯ ᠤᠨ ᠳ᠋ᠦᠩᠨᠡᠯᠲᠡ︾ ᠶᠢᠨ ᠠᠬᠢᠭᠤᠯᠬᠤ ᠲᠣᠭᠲᠠᠴᠠ ᠶᠢ ᠰᠢᠯᠤᠭᠤᠳᠬᠠᠵᠤ᠂ ︽ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠳᠬᠤᠬᠤ ᠳᠤ ᠡᠷᠬᠡᠪᠰᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠠᠳᠬᠤᠬᠤ︾ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠵᠦ᠂ ︽ᠠᠷᠠᠯᠵᠢᠶᠠᠴᠢᠨ ᠤᠷᠢᠬᠤ ᠡᠯᠴᠢᠨ ᠰᠠᠶᠢᠳ ᠪᠠᠲᠤᠯᠠᠨ ᠲᠠᠨᠢᠯᠴᠠᠭᠤᠯᠵᠤ᠂ ᠠᠷᠠᠯᠵᠢᠶᠠᠴᠢᠨ ᠤᠷᠢᠬᠤ ᠲᠤᠰᠬᠠᠢ ᠲᠤᠰᠢᠶᠠᠯᠲᠠᠨ ᠳᠠᠭᠠᠵᠤ ᠣᠷᠣᠬᠤ︾ ᠤᠷᠢᠨ ᠠᠪᠴᠢᠷᠠᠬᠤ ᠵᠠᠭᠪᠤᠷ ᠢ ᠬᠠᠶᠢᠨ ᠰᠦᠪᠡᠭᠴᠢᠯᠡᠵᠦ᠂ ᠨᠢᠭᠡ ᠪᠦᠯᠦᠭ ᠳᠡᠯᠭᠡᠷᠡᠭᠦᠯᠵᠦ ᠪᠣᠯᠬᠤᠶᠢᠴᠠ ᠲᠤᠷᠰᠢᠯᠭ᠎ᠠ ᠠᠷᠭ᠎ᠠ ᠬᠢᠳᠡᠯ ᠢ ᠪᠣᠶ ᠪᠣᠯᠭᠠᠵᠤ᠂ ᠵᠢᠨᠢᠩ ᠲᠣᠭᠤᠷᠢᠭ ᠤᠨ ᠬᠤᠶᠢᠰᠢᠳᠠ ᠶᠢᠨ ᠠᠵᠢᠯ ᠢᠶᠠᠨ ᠥᠷᠨᠢᠭᠦᠯᠬᠦ ᠳᠤ ᠡᠷᠬᠢᠮ ᠨᠠᠨᠳᠢᠨ ᠡᠳ᠋ ᠪᠠᠶᠠᠯᠢᠭ ᠬᠤᠷᠠᠮᠳᠤᠭᠤᠯᠪᠠ ᠭᠡᠵᠤ ᠵᠢᠭᠠᠵᠤ ᠭᠠᠷᠭᠠᠪᠠ᠃     ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠵᠢᠯ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠡᠭᠦᠷᠭᠡ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠠᠰᠠᠭᠤᠳᠠᠯ ᠢ ᠲᠣᠳᠣᠷᠬᠠᠢ ᠲᠠᠨᠢᠵᠤ᠂ ᠤᠨᠢᠨ ᠳᠡᠭᠡᠷ᠎ᠡ ᠨᠢ ᠬᠦᠴᠦᠯᠡᠵᠦ᠂ ᠵᠣᠷᠢᠭ ᠰᠠᠨᠠᠭ᠎ᠠ ᠪᠠᠨ ᠪᠠᠳᠠᠷᠠᠭᠤᠯᠵᠤ᠂ ᠡᠷᠴᠢ ᠵᠣᠷᠢᠭ ᠢᠶᠠᠨ ᠪᠠᠳᠠᠷᠠᠭᠤᠯᠵᠤ᠂ ᠠᠷᠭ᠎ᠠ ᠬᠡᠮᠵᠢᠶ᠎ᠡ ᠪᠠᠨ ᠰᠠᠶᠢᠵᠢᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ︽ᠨᠠᠮᠤᠷ ᠡᠪᠦᠯ ᠤᠨ ᠬᠠᠮ ᠳᠠᠶᠢᠯᠠᠯᠳᠤᠭᠠᠨ︾ ᠢ ᠬᠢᠬᠦ ᠬᠡᠷᠡᠭᠲᠡᠢ᠃ ᠠᠵᠢᠯ ᠤᠨ ᠠᠬᠢᠴᠠ ᠪᠠᠨ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠲᠦᠷᠦᠯ ᠵᠦᠢᠯ ᠤᠨ ᠭᠡᠷ᠎ᠡ ᠲᠣᠭᠲᠠᠬᠤ᠂ ᠲᠦᠷᠦᠯ ᠵᠦᠢᠯ ᠤᠨ ᠠᠵᠢᠯ ᠡᠬᠢᠯᠡᠭᠦᠯᠬᠦ᠂ ᠲᠦᠷᠦᠯ ᠵᠦᠢᠯ ᠤᠨ ᠨᠥᠭᠡᠴᠡᠯᠡᠬᠦ ᠠᠵᠢᠯ ᠢ ᠰᠠᠶᠢᠲᠤᠷ ᠠᠳᠬᠤᠵᠤ᠂ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠠᠷᠠᠯᠲᠠ ᠪᠠᠨ ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠠᠵᠢᠯᠯᠠᠵᠤ᠂ ᠤᠨᠢᠨ ᠳᠡᠭᠡᠷ᠎ᠡ ᠨᠢ ᠰᠢᠯᠭᠠᠨ ᠦᠨᠡᠯᠡᠵᠦ᠂ ᠱᠠᠩᠨᠠᠵᠤ ᠲᠣᠷᠭᠠᠬᠤ ᠶᠢ ᠪᠡᠶᠡᠯᠡᠭᠦᠯᠵᠦ᠂ ᠨᠡᠩ ᠡᠷᠡᠰ ᠪᠠᠲᠤ ᠵᠣᠷᠢᠭ᠂ ᠨᠡᠩ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠬᠠᠨᠤᠮᠵᠢᠲᠠᠢ ︽ᠬᠠᠷᠢᠭᠤᠯᠲᠠ ᠶᠢᠨ ᠬᠠᠭᠤᠳᠠᠰᠤ︾ ᠲᠤᠰᠢᠶᠠᠬᠤ ᠬᠡᠷᠡᠭᠲᠡᠢ ᠭᠡᠵᠤ ᠴᠢᠬᠤᠯᠠᠴᠢᠯᠠᠪᠠ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2