ᠰᠦᠨ ᠱᠤᠤ ᠴᠧᠩ ᠤᠯᠠᠭᠠᠨᠴᠠᠪ ᠬᠤᠳᠠ ᠳᠤ ᠪᠠᠶᠢᠴᠠᠭᠠᠨ ᠰᠤᠳᠤᠯᠬᠤ ᠳᠠᠭᠠᠨ ᠪᠣᠳᠠᠲᠠᠢ ᠪᠠᠶᠢᠬᠤ ᠱᠠᠭᠠᠷᠳᠠᠯᠭ᠎ᠠ ᠶᠢ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ
ᠨᠡᠶᠢᠲᠡᠯᠡᠭᠰᠡᠨ ᠴᠠᠭ᠄
2023/11/10
    11 ᠰᠠᠷ᠎ᠠ ᠶᠢᠨ 5 ᠠᠴᠠ 8 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ ᠴᠧᠩ ᠤᠯᠠᠭᠠᠨᠴᠠᠪ ᠬᠤᠲᠠ ᠶᠢᠨ ᠬᠡᠰᠡᠭ ᠬᠤᠰᠢᠭᠤ ᠰᠢᠶᠠᠨ ᠳᠤ ᠭᠦᠨᠵᠡᠭᠡᠶᠢᠷᠡᠨ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ᠂ ᠡᠨᠡ ᠵᠢᠯ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠪᠠ ᠢᠷᠡᠬᠦ ᠵᠢᠯ ᠤᠨ ᠠᠵᠢᠯ ᠤᠨ ᠲᠣᠬᠢᠷᠠᠭᠤᠯᠤᠯᠲᠠ ᠶᠢᠨ ᠲᠣᠭᠤᠷᠢᠨ ᠳᠤ ᠪᠠᠶᠢᠴᠠᠭᠠᠨ ᠰᠤᠳᠤᠯᠪᠠ᠃     ᠡᠪᠦᠯ ᠤᠨ ᠠᠭᠤᠷ ᠣᠷᠣᠬᠤ ᠶᠢᠨ ᠤᠷᠢᠳ ᠬᠤᠵᠢᠳ ᠢᠶᠠᠷ᠂ ᠠᠭᠠᠷ ᠤᠨ ᠳᠤᠯᠠᠭᠠᠨ ᠤ ᠬᠡᠮᠵᠢᠶ᠎ᠡ ᠭᠡᠨᠡᠳᠲᠡ ᠳᠣᠷᠣᠭᠰᠢᠯᠠᠪᠠ᠂ ᠰᠦᠨ ᠱᠤᠤ ᠴᠧᠩ ᠰᠠᠯᠬᠢ ᠰᠢᠭᠤᠷᠭᠠᠨ ᠤ ᠳᠤᠮᠳᠠᠭᠤᠷ ᠲᠡᠭᠦᠨ ᠤ ᠬᠠᠷᠢᠯᠴᠠᠬᠤ ᠴᠡᠭ ᠪᠤᠯᠬᠤ ᠳᠥᠷᠪᠡᠳ ᠬᠤᠰᠢᠭᠤᠨ ᠳᠤ ᠢᠷᠡᠵᠦ᠂ ᠳᠠᠷᠠᠭ᠎ᠠ ᠨᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠬᠤᠸᠠᠳᠧ ᠰᠢᠶᠠᠨ᠂ ᠰᠢᠩ ᠾᠧ ᠰᠢᠶᠠᠨ᠂ ᠹᠧᠩᠵᠧᠨ ᠬᠤᠳᠠ᠂ ᠯᠢᠶᠡᠩᠴᠧᠩ ᠰᠢᠶᠠᠨ᠂ ᠵᠦᠸᠧᠽᠢ ᠰᠢᠶᠠᠨ ᠳᠤ ᠬᠦᠷᠴᠦ᠂ ᠬᠥᠳᠡᠭᠡ ᠲᠣᠰᠬᠤᠨ ᠢᠶᠠᠷ ᠭᠦᠨᠵᠡᠭᠡᠶᠢᠷᠡᠨ᠂ ᠲᠠᠷᠢᠶᠠᠴᠢᠨ ᠡᠷᠦᠭᠡ ᠪᠠᠷ ᠣᠷᠣᠵᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠣᠭᠤᠷᠢᠨ ᠪᠠᠶᠢᠴᠠᠭᠠᠵᠤ ᠪᠤᠳᠤᠯ ᠰᠠᠨᠠᠯ ᠢᠶᠠᠨ ᠰᠣᠯᠢᠯᠴᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠭᠡᠯᠪᠡᠷᠢ ᠪᠠᠷ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠵᠤ ᠵᠢᠯᠣᠭᠤᠳᠤᠨ᠂ ᠬᠤᠰᠢᠭᠤ ᠰᠢᠶᠠᠨ ᠤ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠪᠣᠯᠣᠨ ᠢᠷᠡᠬᠦ ᠵᠢᠯ ᠤᠨ ᠠᠵᠢᠯ ᠤᠨ ᠲᠥᠯᠥᠪᠯᠡᠭᠡ ᠶᠢ ᠭᠦᠨᠵᠡᠭᠡᠢ ᠣᠶᠢᠯᠠᠭᠠᠪᠠ᠃     ᠰᠦᠨ ᠱᠤᠤ ᠴᠧᠩ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠡᠷᠬᠡᠪᠰᠢ ᠪᠣᠳᠠᠲᠠᠢ ᠶᠢ ᠡᠷᠬᠢᠮᠯᠡᠨ ᠦᠨᠡᠨ ᠢ ᠡᠷᠢᠯᠬᠢᠯᠡᠵᠦ᠂ ᠦᠷ᠎ᠡ ᠪᠦᠲᠦᠮᠵᠢ ᠪᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠦ ᠦᠨᠡᠨ ᠪᠣᠳᠠᠲᠠᠢ ᠪᠠᠷ ᠠᠬᠢᠭᠤᠯᠵᠤ᠂ ᠲᠣᠭᠲᠠᠭᠰᠠᠨ ᠠᠵᠢᠯᠯᠠᠭ᠎ᠠ ᠶᠢ ᠪᠣᠳᠠᠲᠠᠢ ᠪᠠᠷ ᠬᠢᠵᠦ᠂ ᠥᠪᠡᠷ ᠢᠶᠠᠨ ᠲᠣᠭᠲᠠᠭᠠᠵᠤ ᠬᠢᠬᠦ ᠠᠵᠢᠯᠯᠠᠭ᠎ᠠ ᠶᠢ ᠥᠪᠡᠷᠮᠢᠴᠡ ᠣᠨᠴᠠᠯᠢᠭ ᠲᠠᠢ ᠠᠳᠬᠤᠵᠤ᠂ ᠭᠡᠯᠪᠡᠷᠢ ᠶᠢᠨ ᠲᠡᠳᠦᠢ ᠬᠢᠵᠦ ᠬᠠᠰᠢ ᠶᠠᠰᠢ ᠪᠠᠷ ᠥᠩᠭᠡᠷᠡᠭᠡᠵᠦ ᠶᠠᠭᠠᠬᠢᠭᠰᠠᠨ ᠴᠤ ᠪᠤᠯᠬᠤ ᠦᠭᠡᠢ᠃ ᠨᠢᠭᠡ ᠳᠤ᠂ ᠤᠨᠤᠯ ᠤᠨ ᠰᠤᠷᠤᠯᠴᠠᠯᠭ᠎ᠠ ᠳᠤ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠲᠤᠪᠤᠶᠢᠯᠭᠠᠵᠤ᠂ ᠤᠯᠤᠰ ᠲᠦᠷᠦ ᠶᠢᠨ ᠤᠨᠤᠯ ᠢ ᠰᠤᠷᠤᠯᠴᠠᠬᠤ ᠪᠥᠭᠡᠳ ᠲᠤᠬᠠᠶᠢᠯᠠᠭᠰᠠᠨ ᠠᠵᠢᠯ ᠤᠨ ᠮᠡᠳᠡᠯᠭᠡ ᠶᠢ ᠴᠦ ᠰᠤᠷᠤᠯᠴᠠᠵᠤ᠂ ᠺᠠᠳ᠋ᠷᠴᠤᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠬᠡᠷᠡᠭᠲᠡᠢ᠃ ᠪᠠᠶᠢᠴᠠᠭᠠᠨ ᠰᠤᠳᠤᠯᠬᠤ ᠳᠠᠭᠠᠨ ᠠᠰᠠᠭᠤᠳᠠᠯ ᠳᠤ ᠰᠢᠭᠤᠳ ᠬᠠᠨᠳᠤᠵᠤ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠳᠤ ᠦᠨᠡᠨ ᠬᠦ ᠬᠠᠲᠠᠭᠤ ᠲᠠᠢ ᠨᠢ ᠬᠠᠯᠳᠠᠵᠤ᠂ ᠬᠡᠯᠡᠭᠰᠡᠨ ᠳᠡᠭᠡᠨ ᠬᠦᠷᠬᠦ ᠬᠡᠷᠡᠭᠲᠡᠢ᠃ ᠬᠤᠶᠠᠷ ᠲᠤ᠂ ᠠᠷᠠᠳ ᠤᠯᠠᠨ ᠢ ᠰᠡᠳᠬᠢᠯ ᠬᠠᠨᠤᠮᠵᠢᠲᠠᠶ ᠪᠠᠶᠢᠯᠭᠠᠬᠤ ᠬᠡᠷᠡᠭᠲᠡᠢ᠃ ︽ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠳᠤ ᠬᠡᠮᠵᠢᠶ᠎ᠡ ᠶᠢ ᠨᠢ ᠰᠠᠶᠢᠲᠤᠷ ᠡᠵᠡᠮᠰᠢᠵᠦ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠭᠡᠯᠪᠡᠷᠢ ᠶᠢ ᠠᠪᠴᠤ᠂ ᠣᠯᠠᠨ ᠲᠦᠮᠡᠨ ᠤ ᠳᠡᠷᠭᠡᠳᠡᠬᠢ ᠤᠴᠢᠷ ᠶᠠᠪᠤᠳᠠᠯ ᠪᠠ ᠭᠢᠯᠪᠠᠷ ᠣᠶᠢᠯᠠᠭᠠᠮᠵᠢᠲᠠᠢ ᠦᠭᠡ ᠭᠡᠯᠡ ᠪᠠᠷ ᠶᠣᠰᠣ ᠤᠴᠢᠷ ᠢ ᠲᠣᠳᠣᠷᠬᠠᠢ ᠶᠠᠷᠢᠵᠤ ᠥᠭᠬᠦ ᠬᠡᠷᠡᠭᠲᠡᠢ᠃ ᠭᠤᠷᠪᠠ ᠳᠤ᠂ ᠡᠯ᠎ᠡ ᠵᠦᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢᠨ ᠳᠠᠪᠠᠭᠤᠯᠢᠭ ᠢ ᠭᠦᠢᠴᠡᠳ ᠢᠯᠡᠷᠡᠭᠦᠯᠵᠦ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠴᠢᠨᠠᠭᠰᠢᠳᠠ ᠨᠢᠭᠲᠠᠷᠠᠭᠤᠯᠬᠤ ᠬᠡᠷᠡᠭᠲᠡᠢ᠃ ᠳᠥᠷᠪᠡ ᠳᠤ᠂ ᠠᠵᠢᠯ ᠤᠨ ᠴᠢᠷᠮᠠᠶᠢᠬᠤ ᠴᠢᠭᠯᠡᠯ ᠢ ᠲᠣᠳᠣᠷᠬᠠᠶᠢᠯᠠᠬᠤ ᠬᠡᠷᠡᠭᠲᠡᠢ᠃ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠶᠢ ᠨᠠᠷᠢᠨ ᠬᠢᠨᠠᠮᠠᠭᠠᠢ ᠥᠷᠨᠢᠭᠦᠯᠵᠦ ᠂ ᠲᠣᠰ ᠭᠠᠵᠠᠷ ᠣᠷᠣᠨ ᠤ ᠳᠠᠪᠠᠭᠤᠯᠢᠭ ᠲᠠᠯ᠎ᠠ ᠪᠠ ᠳᠤᠲᠠᠭᠤᠳᠠᠯ ᠢ ᠲᠣᠳᠣᠷᠬᠠᠢ ᠪᠤᠯᠭᠠᠵᠤ᠂ ᠴᠢᠷᠮᠠᠶᠢᠬᠤ ᠴᠢᠭᠯᠡᠯ ᠢᠶᠠᠨ ᠴᠢᠨᠠᠭᠰᠢᠳᠠ ᠲᠣᠳᠣᠷᠬᠠᠶᠢᠯᠠᠨ᠂ ᠬᠥᠭᠵᠢᠯᠲᠡ ᠶᠢᠨ ᠰᠡᠳᠬᠢᠴᠡ ᠪᠠᠨ ᠲᠡᠭᠦᠯᠳᠡᠷᠵᠢᠭᠦᠯᠵᠦ᠂ ᠠᠭᠤᠯᠠ ᠳᠠᠭᠠᠷᠠᠪᠠᠯ ᠵᠠᠮ ᠨᠡᠭᠡᠭᠡᠨ᠂ ᠤᠰᠤ ᠳᠠᠭᠠᠷᠠᠪᠠᠯ ᠬᠥᠭᠦᠷᠭᠡ ᠲᠠᠯᠪᠢᠵᠤ᠂ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠵᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃ ᠲᠠᠪᠤ ᠳᠤ᠂ ᠬᠥᠭᠵᠢᠯᠲᠡ ᠶᠢᠨ ᠪᠠᠶᠢᠳᠠᠯ ᠢ ᠭᠦᠨᠵᠡᠭᠡᠢ ᠵᠠᠳᠠᠯᠵᠤ᠂ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠢᠷᠡᠬᠦ ᠵᠢᠯ ᠤᠨ ᠠᠵᠢᠯ ᠤᠨ ᠪᠦᠭᠦ ᠲᠠᠯ᠎ᠠ ᠪᠣᠯᠣᠨ ᠡᠭᠦᠷᠭᠡ ᠶᠢᠨ ᠪᠢᠴᠢᠭ ᠢ ᠣᠶᠤᠨᠴᠢ ᠪᠠᠷ ᠪᠣᠳᠠᠲᠠᠢ ᠶᠢ ᠡᠷᠬᠢᠮᠯᠡᠨ ᠳᠤᠷᠠᠳᠤᠨ ᠭᠠᠷᠭᠠᠵᠤ᠂ ᠬᠠᠲᠠᠭᠤ ᠰᠥᠰᠥ ᠬᠠᠳᠠᠨ ᠵᠣᠷᠢᠭ ᠭᠠᠷᠭᠠᠵᠤ ᠨᠢᠭᠡ ᠶᠠᠪᠤᠳᠠᠯ ᠢ ᠬᠢᠪᠡᠯ ᠨᠢᠭᠡ ᠶᠠᠪᠤᠳᠠᠯ ᠢ ᠪᠦᠲᠦᠭᠡᠬᠦ ᠬᠡᠷᠡᠭᠲᠡᠢ᠃ ᠢᠯᠠᠩᠭᠤᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠥᠮ ᠡᠨᠡ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠠᠪᠴᠤ᠂ ᠦᠡᠭᠭᠡᠨ ᠲᠠᠯ᠎ᠠ ᠶᠢᠨ ᠲᠡᠳᠦᠢ ᠪᠤᠯᠬᠤ᠂ ᠬᠤᠭᠤᠰᠤᠨ ᠤᠷᠢᠶ᠎ᠠ ᠬᠠᠰᠬᠢᠷᠬᠤ ᠠᠴᠠ ᠰᠡᠷᠭᠡᠶᠢᠯᠡᠬᠦ ᠬᠡᠷᠡᠭᠲᠡᠢ ᠭᠡᠵᠦ ᠬᠡᠯᠡᠪᠡ᠃     ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠢᠷᠢ ᠵᠡᠷᠭᠡ ᠥᠷᠨᠢᠭᠦᠯᠵᠦ ᠪᠠᠶᠢᠬᠤ᠂ ᠶᠠᠮᠠᠷ ᠶᠠᠮᠠᠷ ᠦᠷ᠎ᠡ ᠪᠦᠲᠦᠮᠵᠢ ᠣᠯᠵᠤ ᠪᠠᠶᠢᠬᠤ ᠶᠢ ᠰᠦᠨ ᠱᠣᠣ ᠴᠧᠩ ᠲᠦᠢᠯ ᠢᠶᠠᠷ ᠠᠩᠬᠠᠷᠴᠤ ᠪᠠᠶᠢᠪᠠ᠃ ᠲᠡᠷᠡ ᠤᠯᠠᠭᠠᠨᠬᠠᠳᠠ ᠰᠤᠮᠤ ᠪᠣᠯᠣᠨ ᠠᠷᠠᠳᠴᠢᠯᠠᠯ ᠲᠣᠰᠬᠤᠨ ᠤ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠢᠷᠡᠵᠤ᠂ ᠲᠠᠷᠢᠶᠠᠴᠢᠨ ᠡᠷᠦᠭᠡ ᠪᠠᠷ ᠣᠷᠣᠵᠤ᠂ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠬᠤ ᠶᠢᠨ ᠬᠠᠮᠲᠤ ︽ᠪᠦᠷᠢᠨ ᠴᠢᠳᠠᠮᠵᠢᠲᠤ ᠺᠠᠷᠲ︾ ᠤᠨ ᠲᠤᠬᠠᠢ ᠲᠦᠷᠦ ᠶᠢᠨ ᠪᠣᠳᠣᠯᠭ᠎ᠠ ᠶᠢᠨ ᠲᠣᠳᠣᠷᠬᠠᠢ ᠲᠠᠩᠰᠠ᠂ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠲᠤᠬᠠᠢ ᠨᠠᠷᠢᠨ ᠳᠠᠩᠰᠠ ᠵᠡᠷᠭᠡ ᠶᠢ ᠨᠠᠷᠢᠯᠢᠭ ᠪᠠᠶᠢᠴᠠᠭᠠᠨ ᠦᠵᠡᠵᠦ᠂ ᠡᠯ᠎ᠡ ᠲᠦᠷᠦᠯ ᠤᠨ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠲᠠᠷᠬᠠᠭᠠᠭᠰᠠᠨ ᠪᠠᠶᠢᠳᠠᠯ ᠢ ᠨᠠᠷᠢᠯᠢᠭ ᠣᠶᠢᠯᠠᠭᠠᠪᠠ᠃ ᠰᠦᠨ ᠱᠤᠤ ᠴᠧᠩ᠂ ᠮᠠᠨ ᠤ ᠨᠠᠮ ᠤᠨ ᠲᠣᠭᠲᠠᠭᠠᠭᠰᠠᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠨᠢᠭᠡᠪᠦᠷᠢ ᠂ ᠪᠠᠭᠤᠯᠭᠠᠭᠰᠠᠨ ᠨᠥᠬᠦᠪᠦᠷᠢ ᠪᠡᠯᠡ ᠮᠥᠩᠭᠦ ᠨᠢᠭᠡᠪᠦᠷᠢ ᠶᠢ ᠤᠯᠠᠨ ᠲᠦᠮᠡᠨ ᠳᠤ ᠲᠣᠳᠣᠷᠬᠠᠢ ᠶᠠᠷᠢᠵᠤ ᠥᠭᠴᠦ᠂ ᠤᠯᠠᠨ ᠲᠦᠮᠡᠨ ᠳᠤ ᠦᠨᠡᠨ ᠬᠦ ᠨᠠᠮ ᠤᠨ ᠠᠴᠢ ᠡᠨᠡᠷᠢᠯ ᠢ ᠮᠡᠳᠡᠭᠦᠯᠵᠦ᠂ ᠨᠠᠮ ᠤᠨ ᠠᠴᠢ ᠡᠨᠡᠷᠢᠯ ᠢ ᠮᠡᠳᠡᠪᠡᠯ ᠰᠠᠶ᠋ᠢ ᠨᠠᠮ ᠤᠨ ᠠᠴᠢ ᠡᠨᠡᠷᠢᠯ ᠳᠤ ᠦᠨᠡᠨ ᠰᠡᠳᠬᠢᠯ ᠠᠴᠠ ᠪᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠦ ᠶᠠᠪᠤᠨ᠎ᠠ᠃ ᠤᠯᠠᠨ ᠲᠦᠮᠡᠨ ᠳᠤ ᠦᠢᠯᠡᠴᠢᠯᠡᠬᠦ ᠳᠡᠭᠡᠨ ᠤᠴᠢᠷ ᠶᠠᠪᠤᠳᠠᠯ ᠪᠠᠶᠢᠪᠠᠯ ᠵᠠᠪᠠᠯ ᠰᠢᠢᠳᠪᠦᠷᠢᠯᠡᠬᠦ᠂ ᠤᠴᠢᠷ ᠶᠠᠪᠤᠳᠠᠯ ᠦᠭᠡᠢ ᠪᠣᠯ ᠶᠠᠷᠰᠢᠭ ᠪᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠠᠷᠠᠳ ᠲᠤ ᠰᠠᠶᠢᠨ ᠶᠠᠪᠤᠳᠠᠯ ᠬᠢᠬᠦ ᠳᠡᠭᠡᠨ ᠪᠣᠳᠠᠲᠠᠢ ᠠᠴᠠ ᠡᠭᠦᠰᠴᠦ᠂ ᠴᠢᠳᠠᠯ ᠤᠨ ᠢᠶᠠᠨ ᠬᠢᠷᠢ ᠪᠠᠷ ᠬᠢᠵᠦ᠂ ᠴᠢᠳᠠᠯ ᠤᠨ ᠢᠶᠠᠨ ᠬᠢᠷᠢ ᠪᠠᠷ ᠴᠢᠷᠮᠠᠶᠢᠵᠤ᠂ ᠦᠷᠭᠦᠯᠵᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠦᠷᠦ ᠶᠢᠨ ᠪᠣᠳᠣᠯᠭ᠎ᠠ ᠲᠣᠭᠲᠠᠭᠠᠬᠤ ᠪᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠡᠭᠡᠨ ᠴᠥᠮ ᠠᠵᠢᠯ ᠶᠠᠪᠤᠳᠠᠯ ᠢ ᠳᠥᠭᠦᠮ ᠳᠥᠲᠡ ᠪᠠᠶᠢᠯᠭᠠᠵᠤ᠂ ᠠᠵᠢᠯ ᠢ ᠵᠣᠷᠢᠭᠤᠳᠠ ᠨᠠᠷᠢᠨ ᠪᠤᠳᠤᠯᠢᠶᠠᠨ ᠲᠠᠢ ᠪᠤᠯᠭᠠᠬᠤ ᠠᠴᠠ ᠵᠠᠶᠢᠯᠠᠰᠬᠢᠵᠦ᠂ ᠤᠯᠠᠨ ᠲᠦᠮᠡᠨ ᠢ ᠳᠡᠩᠰᠡᠯᠭᠡᠬᠦ ᠦᠭᠡᠢ ᠮᠥᠷᠲᠡᠭᠡᠨ ᠺᠠᠳ᠋ᠷᠴᠤᠳ ᠢ ᠳᠡᠩᠰᠡᠯᠭᠡᠬᠦ ᠦᠭᠡᠢ ᠪᠠᠶᠢᠵᠤ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠬᠡᠯᠡᠪᠡ᠃     ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠰᠦᠨ ᠱᠤᠤ ᠴᠧᠩ ᠲᠤᠭ᠎ᠠ ᠪᠦᠷᠢᠳᠬᠡᠯ ᠤᠨ ᠲᠣᠪᠴᠢᠶ᠎ᠠ᠂ ᠪᠠᠶᠢᠴᠠᠭᠠᠯᠲᠠ ᠶᠢᠨ ᠶᠡᠷᠦᠩᠬᠡᠢ ᠠᠩᠭᠢ ᠶᠢᠨ ᠨᠥᠬᠦᠳ ᠲᠠᠢ ᠬᠠᠮᠲᠤ ᠲᠠᠷᠢᠶᠠᠴᠢᠨ ᠡᠷᠦᠭᠡ ᠳᠤ ᠬᠦᠷᠴᠦ᠂ ᠲᠠᠷᠢᠶ᠎ᠠ ᠳᠠᠷᠢᠭᠰᠠᠨ᠂ ᠮᠠᠯ ᠲᠡᠵᠢᠭᠡᠪᠦᠷᠢ ᠶᠢᠨ ᠣᠷᠣᠯᠭ᠎ᠠ ᠪᠣᠯᠣᠨ ᠨᠥᠬᠦᠪᠦᠷᠢ ᠮᠥᠩᠭᠦ ᠣᠯᠵᠤ ᠪᠠᠶᠢᠭ᠎ᠠ ᠪᠠᠶᠢᠳᠠᠯ ᠢ ᠨᠠᠷᠢᠯᠢᠭ ᠠᠰᠠᠭᠤᠨ ᠯᠠᠪᠯᠠᠵᠤ᠂ ᠲᠠᠷᠢᠶᠠᠴᠢᠨ ᠡᠷᠦᠭᠡ ᠲᠠᠢ ᠣᠷᠣᠯᠭ᠎ᠠ ᠵᠠᠷᠤᠯᠭ᠎ᠠ ᠶᠢᠨ ᠳᠠᠩᠰᠠ ᠶᠢ ᠨᠢᠭᠡᠳ ᠨᠢᠭᠡ ᠪᠠᠷ ᠨᠠᠷᠢᠯᠢᠭ ᠪᠤᠳᠤᠵᠠᠢ᠃ ᠲᠡᠷᠡ᠂ ᠡᠯ᠎ᠡ ᠱᠠᠲᠤᠨ ᠤ ᠬᠢᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠯᠠᠨ ᠲᠦᠮᠡᠨ ᠢ ᠰᠤᠷᠭᠠᠵᠤ ᠬᠥᠮᠥᠵᠢᠭᠦᠯᠬᠦ᠂ ᠣᠯᠠᠨ ᠲᠦᠮᠡᠨ ᠢ ᠳᠠᠶᠢᠴᠢᠯᠠᠬᠤ ᠶᠢ ᠰᠤᠷᠴᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠭᠦᠯᠵᠦ᠂ ᠬᠠᠰᠢᠶᠠᠯᠠᠨ ᠲᠡᠵᠢᠭᠡᠵᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠵᠡᠷᠭᠡ ᠭᠡᠯᠪᠡᠷᠢ ᠪᠠᠷ ᠳᠠᠮᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠦ ᠬᠡᠯᠡᠪᠡ᠃     ᠰᠦᠨ ᠱᠤᠤ ᠴᠧᠩ ᠲᠠᠭ᠎ᠠ ᠶᠢᠨ ᠨᠠᠭᠤᠷ ᠤᠨ ᠬᠤᠶᠢᠲᠤ ᠭᠦᠪᠡᠭᠡ ᠪᠠᠷ ᠭᠦᠨᠵᠡᠭᠡᠶᠢᠷᠡᠨ ᠨᠠᠭᠤᠷ ᠢ ᠲᠣᠭᠤᠷᠢᠨ ᠪᠠᠶᠢᠴᠠᠭᠠᠵᠤ᠂ ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠠᠮᠢ ᠠᠬᠤᠢ ᠶᠢᠨ ᠲᠠᠩᠰᠠ ᠶᠢ ᠰᠠᠶᠢᠲᠤᠷ ᠪᠤᠳᠤᠵᠤ᠂ ᠬᠠᠮᠠᠭᠠᠯᠠᠯᠲᠠ ᠪᠠ ᠵᠠᠰᠠᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠠᠬᠢᠪᠠ᠃     ᠢᠦᠢ ᠯᠢ ᠰᠢᠨ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2