ᠱᠠᠩᠳᠤ ᠰᠢᠶᠠᠨ ᠤ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠮᠠᠯᠴᠢᠨ ᠲᠠᠷᠢᠶᠠᠴᠢᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠵᠠᠢ
ᠨᠡᠶᠢᠲᠡᠯᠡᠭᠰᠡᠨ ᠴᠠᠭ᠄
2023/11/10
    ᠱᠠᠩᠳᠤ ᠰᠢᠶᠠᠨ ᠤ ᠬᠢᠨ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠮᠠᠯᠴᠢᠨ ᠲᠠᠷᠢᠶᠠᠴᠢᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠪᠠ᠃ ᠲᠣᠰ ᠰᠢᠶᠠᠨ ᠳᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠲᠤᠰᠬᠠᠢ ᠠᠩᠭᠢ ᠪᠠᠶᠢᠭᠤᠯᠵᠤ᠂ ᠲᠤᠰᠬᠠᠢ ᠬᠥᠮᠥᠨ ᠲᠣᠬᠢᠷᠠᠭᠤᠯᠤᠨ ᠬᠠᠩᠭᠠᠯᠭ᠎ᠠ ᠶᠢ ᠪᠠᠳᠣᠯᠠᠬᠤ ᠨᠡᠭᠦᠷᠡᠰᠦᠨ ᠠᠭᠤᠷᠬᠠᠢ  ᠳᠤ ᠣᠴᠢᠭᠤᠯᠤᠨ ᠲᠡᠭᠡᠭᠡᠪᠦᠷᠢ ᠶᠢᠨ ᠠᠵᠢᠯ ᠢ ᠵᠣᠬᠢᠶᠠᠨ ᠪᠠᠶᠢᠭᠤᠯᠵᠤ᠂ ︽ᠵᠠᠮ ᠱᠤᠭᠤᠮ ᠲᠣᠭᠲᠠᠭᠠᠬᠤ᠂ ᠲᠡᠷᠭᠡ ᠬᠥᠰᠬᠡ ᠲᠣᠭᠲᠠᠭᠠᠬᠤ᠂ ᠬᠥᠮᠥᠨ ᠬᠠᠷ᠎ᠠ ᠲᠣᠭᠲᠠᠭᠠᠬᠤ︾ ᠵᠠᠷᠴᠢᠮ ᠶᠣᠰᠣᠭᠠᠷ᠂ ᠨᠡᠭᠦᠷᠡᠰᠦᠨ ᠤ ᠶᠠᠰᠤ ᠴᠢᠨᠠᠷ᠂ ᠲᠡᠭᠡᠭᠡᠪᠦᠷᠢᠯᠡᠬᠦ᠂ ᠠᠴᠢᠶ᠎ᠠ ᠪᠠᠭᠤᠯᠭᠠᠬᠤ ᠪᠥᠬᠦ ᠶᠠᠪᠤᠴᠠ ᠶᠢ ᠴᠢᠩᠭ᠎ᠠ ᠠᠳᠬᠤᠵᠤ᠂ ᠮᠠᠯᠴᠢᠨ ᠲᠠᠷᠢᠶᠠᠴᠢᠨ ᠤ ︽ᠳᠤᠯᠠᠭᠠᠨ ᠨᠡᠭᠦᠷᠡᠰᠦ︾ ︽ᠰᠠᠨᠠᠭ᠎ᠠ ᠠᠮᠤᠷ ᠨᠡᠭᠦᠷᠡᠰᠦ︾ ᠬᠡᠷᠡᠭᠯᠡᠬᠦ ᠶᠢ ᠦᠨᠡᠨᠬᠦ ᠪᠠᠲᠤᠯᠠᠪᠠ᠃ ᠪᠦᠷᠢᠳᠬᠡᠯ ᠢ ᠦᠨᠳᠦᠰᠦᠯᠡᠪᠡᠯ᠂ ᠪᠥᠬᠦ ᠰᠢᠶᠠᠨ ᠳᠤ ᠨᠡᠶᠢᠲᠡ 35484.35 ᠲᠣᠨ ᠨᠡᠭᠦᠷᠡᠰᠦ ᠬᠠᠩᠭᠠᠬᠤ ᠶᠢ ᠪᠠᠲᠤᠯᠠᠬᠤ ᠴᠢᠬᠤᠯᠠᠲᠠᠢ ᠪᠠᠶᠢᠵᠤ᠂ 22370 ᠲᠠᠷᠢᠶᠠᠴᠢᠨ ᠡᠷᠦᠬᠡ ᠳᠤ ᠬᠤᠯᠪᠣᠭᠳᠠᠵᠤ᠂ 10 ᠰᠠᠷ᠎ᠠ ᠶᠢᠨ 25 ᠤ ᠡᠳᠦᠷ ᠪᠣᠯᠲᠠᠯ᠎ᠠ ᠨᠢᠭᠡᠨᠲᠡ 10540.92 ᠲᠣᠨ ᠨᠡᠭᠦᠷᠡᠰᠦ ᠲᠡᠭᠡᠭᠡᠪᠦᠷᠢᠯᠡᠨ ᠬᠦᠷᠭᠡᠭᠰᠡᠨ ᠪᠠᠶᠢᠨ᠎ᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2