ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/13
    11 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ 10 ᠰᠠᠷ᠎ᠠ ᠶᠢᠨ 27 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠲᠠᠰᠤᠷᠠᠯᠳᠡ ᠦᠭᠡᠢ ᠪᠠᠶᠢᠭᠤᠯᠬᠤ ᠬᠡᠷᠡᠭᠲᠡᠢ᠃ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠰᠠᠶᠢᠲᠤᠷ ᠠᠳᠬᠤᠨ ᠬᠡᠷᠡᠭᠯᠡᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠨᠠᠮ ᠤᠨ ᠮᠥᠩᠭᠦᠨ ᠭᠦᠢᠯᠭᠡᠭᠡᠨ ᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠦᠷᠢᠶᠡᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠡᠷᠴᠢᠮᠲᠡᠢ ᠰᠠᠶᠢᠲᠤᠷ ᠬᠢᠵᠦ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠬᠤᠶᠠᠷ ᠲᠣᠮᠣ ᠶᠠᠪᠤᠳᠠᠯ ᠢ ᠰᠠᠶᠢᠲᠤᠷ ᠬᠢᠬᠦ ᠳᠤ ᠬᠦᠴᠦ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠣᠯᠣᠨ ᠪᠦᠬᠦ ᠤᠯᠤᠰ ᠤᠨ ᠡᠮᠡᠭᠲᠡᠶᠢᠴᠦᠳ ᠤᠨ ᠬᠤᠯᠪᠣᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠭᠦᠨ ᠲᠠᠢ ᠬᠠᠮᠲᠤ ᠪᠠᠷ ᠶᠠᠷᠢᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠵᠢᠯᠴᠢᠨ ᠤ ᠡᠪᠯᠡᠯ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠡᠯ᠎ᠡ ᠬᠦᠷᠢᠶᠡᠨ ᠳᠤ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠲᠡᠮᠵᠢᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠰᠦᠨ ᠱᠤᠤ ᠴᠧᠩ ᠱᠦᠵᠢ ᠶᠢᠨ ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠭᠤᠣᠯ ᠰᠡᠳᠦᠪᠲᠦ ᠬᠥᠮᠦᠵᠢᠯ ᠢ ᠥᠷᠨᠢᠭᠦᠯᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠠ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠲᠣᠭᠲᠠᠭᠠᠭᠰᠠᠨ ᠬᠥᠳᠡᠯᠭᠡᠭᠡᠨ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠥᠪᠡᠷ ᠢᠶᠠᠨ ᠰᠣᠩᠭᠤᠬᠤ ᠬᠥᠳᠡᠯᠭᠡᠭᠡᠨ ᠢ ᠥᠪᠡᠷᠮᠢᠴᠡ ᠣᠨᠴᠠᠯᠢᠭ ᠲᠠᠢ ᠠᠳᠬᠤᠬᠤ ᠬᠡᠷᠡᠭᠲᠡᠢ᠃ ᠲᠦᠷᠭᠡᠨ ᠠᠵᠢᠯᠯᠠᠬᠤ ᠶᠢ ᠴᠢᠩᠭ᠎ᠠ ᠠᠳᠬᠤᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠪᠣᠬᠢᠷᠲᠤᠯ ᠦᠭᠡᠢ ᠴᠠᠬᠢᠯᠭᠠᠨ ᠤ ᠬᠡᠷᠡᠭᠯᠡᠯᠲᠡ ᠶᠢ ᠥᠷᠭᠡᠳᠬᠡᠵᠦ᠂ ᠪᠣᠬᠢᠷᠲᠤᠯ ᠦᠭᠡᠢ ᠴᠠᠬᠢᠯᠭᠠᠨ ᠤ ᠣᠷᠤᠯᠠᠭᠤᠯᠤᠯᠲᠠ ᠶᠢ ᠲᠦᠷᠭᠡᠳᠬᠡᠵᠦ ᠂ ᠪᠣᠬᠢᠷᠲᠤᠯ ᠦᠭᠡᠢ ᠴᠠᠬᠢᠯᠭᠠᠨ ᠤ ᠳᠠᠭᠠᠭᠠᠴᠠ ᠶᠢ ᠨᠡᠮᠡᠭᠳᠡᠭᠦᠯᠵᠦ᠂ ᠥᠪᠡᠷ ᠲᠤ ᠪᠠᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2