ᠰᠦᠢ ᠸᠧᠢ ᠵᠢᠶᠦ᠋ᠨ ᠬᠤᠳᠠ ᠶᠢᠨ ᠨᠠᠮ ᠤᠨ ᠬᠤᠷᠢᠶ᠎ᠠ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠭᠦᠨᠵᠡᠭᠡᠢ ᠥᠷᠨᠢᠬᠦ ᠶᠢ ᠠᠬᠢᠭᠤᠯᠬᠤ ᠲᠤᠬᠠᠢ ᠰᠤᠳᠤᠯᠪᠠ
ᠨᠡᠶᠢᠲᠡᠯᠡᠭᠰᠡᠨ ᠴᠠᠭ᠄
2023/11/14
   11 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ  ᠶᠢᠨ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠲᠠ ᠶᠢᠨ ᠭᠤᠣᠯ ᠰᠡᠳᠦᠪᠲᠦ ᠬᠥᠮᠦᠵᠢᠯ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠰᠦᠢ ᠸᠧᠢ ᠵᠢᠶᠦ᠋ᠨ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠢ ᠰᠠᠶᠢᠲᠤᠷ ᠠᠳᠬᠤᠵᠤ᠂ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ︽ᠪᠣᠳᠠᠲᠠᠢ︾ ᠪᠠᠶᠢᠬᠤ ᠱᠠᠭᠠᠷᠳᠠᠯᠭ᠎ᠠ ᠶᠢ ᠪᠦᠬᠦ ᠶᠠᠪᠤᠴᠠ ᠳᠤ ᠲᠤᠭᠤᠰᠢᠯᠠᠭᠤᠯᠵᠤ᠂ ᠲᠣᠭᠲᠠᠭᠠᠭᠰᠠᠨ ᠬᠥᠳᠡᠯᠭᠡᠭᠡᠨ ᠢ ᠰᠠᠶᠢᠲᠤᠷ ᠬᠢᠵᠦ᠂ ᠥᠪᠡᠷ ᠢᠶᠠᠨ ᠰᠣᠩᠭᠤᠭᠰᠠᠨ ᠬᠥᠳᠡᠯᠭᠡᠭᠡᠨ ᠢ ᠣᠨᠴᠠᠯᠢᠭ ᠲᠠᠢ ᠪᠠᠶᠢᠯᠭᠠᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ ᠨᠢ ᠪᠣᠳᠠᠲᠤ ᠦᠷ᠎ᠡ ᠪᠦᠲᠦᠮᠵᠢ ᠶᠢ ᠱᠠᠭᠠᠷᠳᠠᠵᠤ᠂ ᠲᠣᠭᠲᠠᠭᠠᠯ ᠢ ᠭᠦᠨᠵᠡᠭᠡᠢ ᠰᠤᠳᠤᠯᠤᠨ ᠰᠤᠷᠤᠯᠴᠠᠵᠤ᠂ ᠤᠯᠤᠰ ᠲᠦᠷᠦ ᠶᠢᠨ ᠤᠨᠤᠯ ᠢ ᠰᠤᠷᠤᠯᠴᠠᠬᠤ ᠮᠥᠷᠲᠡᠭᠡᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠴᠦ ᠰᠤᠷᠤᠯᠴᠠᠵᠤ᠂ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠳᠤ ᠪᠣᠳᠠᠲᠠᠢ ᠶᠢ ᠱᠠᠭᠠᠷᠳᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠦᠨᠡᠨ ᠬᠦ ᠲᠣᠳᠣᠷᠬᠠᠢ ᠣᠶᠢᠯᠠᠭᠠᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠦᠨᠡᠨ ᠬᠦ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠳᠤ ᠦᠨᠡᠨ ᠪᠣᠳᠠᠲᠠᠢ ᠠᠰᠠᠭᠤᠳᠠᠯ ᠢ ᠬᠦᠨᠳᠡᠵᠤ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ ᠭᠡᠵᠦ ᠬᠡᠯᠡᠪᠡ  ᠃    ᠰᠦᠢ ᠸᠧᠢ ᠵᠢᠶᠦ᠋ᠨ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠠᠢ ᠶᠠᠪᠤᠳᠠᠯ ᠬᠢᠵᠦ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ  ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠠᠷᠭ᠎ᠠ ᠪᠠᠷᠢᠯ ᠤᠨ ᠦᠷ᠎ᠡ ᠪᠦᠲᠦᠮᠵᠢ ᠶᠢ ᠳ᠋ᠦᠩᠨᠡᠨ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠬᠡᠯᠪᠡᠷᠢ ᠪᠠᠷ ᠨᠠᠮ ᠤᠨ ᠲᠤᠬᠠᠢ ᠲᠣᠳᠣᠷᠬᠠᠢ ᠶᠠᠷᠢᠵᠤ᠂ ᠪᠣᠳᠠᠲᠠᠢ ᠶᠠᠷᠢᠵᠤ᠂ ᠠᠷᠠᠳ ᠣᠯᠠᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠴᠢᠨᠠᠭᠰᠢᠳᠠ ᠪᠠᠲᠤᠳᠬᠠᠵᠤ᠂ ᠴᠢᠭᠯᠡᠯ ᠢᠶᠠᠨ ᠣᠨᠣᠪᠴᠢᠲᠠᠢ ᠡᠵᠡᠮᠳᠡᠵᠦ᠂ ᠠᠷᠭ᠎ᠠ ᠵᠠᠮ ᠢᠶᠠᠨ ᠣᠨᠣᠪᠴᠢᠲᠠᠢ ᠣᠯᠵᠤ᠂ ᠰᠢᠨ᠎ᠡ ᠵᠠᠮ ᠢ ᠴᠢᠷᠮᠠᠶᠢᠨ ᠨᠡᠭᠡᠭᠡᠵᠦ᠂ ᠠᠵᠤ ᠦᠢᠯᠡᠰ ᠢ ᠪᠣᠶᠢᠵᠢᠭᠤᠯᠵᠤ᠂ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠵᠦ᠂ ᠣᠷᠣᠨ ᠲᠠᠪᠰᠢᠯᠳᠠ ᠶᠢ ᠴᠢᠷᠮᠠᠶᠢᠨ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃     ᠯᠢ ᠶᠦᠩ᠂ ᠯᠢᠦ ᠭᠦᠸᠧ ᠭᠠᠩ ᠣᠷᠣᠯᠴᠠᠪᠠ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2