ᠵᠢᠨᠢᠩ ᠲᠣᠭᠤᠷᠢᠭ ᠠᠵᠢᠯᠲᠠᠨ ᠤ ᠶᠠᠪᠤᠳᠠᠯ ᠴᠢᠳᠠᠪᠤᠷᠢᠲᠠᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/11/14
    ᠨᠢᠭᠡ ᠳᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠨ᠎ᠡ᠃ ᠤᠷᠢᠨ ᠬᠡᠷᠡᠭᠯᠡᠬᠦ ᠪᠡᠯᠡᠳᠬᠡᠯ ᠠᠵᠢᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ᠂ ᠤᠷᠢᠨ ᠬᠡᠷᠡᠭᠯᠡᠬᠦ ᠠᠵᠢᠯ ᠤᠨ ᠰᠢᠨᠵᠢᠯᠡᠬᠦ ᠤᠬᠠᠭᠠᠨᠴᠢ ᠲᠥᠰᠥᠯ ᠢ ᠰᠤᠳᠤᠯᠤᠨ ᠲᠣᠭᠲᠠᠭᠠᠵᠤ᠂ ᠴᠢᠳᠠᠪᠤᠷᠢᠲᠠᠨ ᠡᠯᠰᠡᠨ ᠣᠶᠤᠨ ᠤᠬᠠᠭᠠᠨ ᠣᠷᠣᠭᠤᠯᠬᠤ ᠠᠷᠭ᠎ᠠ ᠵᠠᠮ ᠤᠨ ᠰᠢᠨ᠎ᠡ ᠶᠢ ᠡᠭᠦᠳᠦᠨ᠂ ᠤᠷᠢᠨ ᠣᠷᠣᠭᠤᠯᠬᠤ ᠲᠠᠰ ᠳᠠᠷᠠᠭᠠᠯᠠᠯ ᠢ ᠵᠢᠷᠤᠮᠵᠢᠭᠤᠯᠵᠤ᠂ ᠠᠵᠢᠯ ᠤᠨ ᠴᠤᠪᠤᠷᠠᠯ ᠢ ᠳᠥᠭᠦᠮᠴᠢᠯᠡᠨ᠂ ᠴᠢᠳᠠᠪᠤᠷᠢᠲᠠᠨ ᠢ ᠶᠡᠬᠡᠪᠡᠷ ᠤᠷᠢᠨ ᠠᠪᠴᠢᠷᠠᠬᠤ ᠬᠡᠷᠡᠭᠲᠡᠢ ᠃ ᠠᠵᠢᠯ ᠦᠢᠯᠡᠰ ᠤᠨ ᠨᠢᠭᠡᠴᠡ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠷ ᠬᠦᠷᠦᠯᠴᠡᠬᠦ ᠦᠭᠡᠢ ᠪᠤᠶᠤ ᠡᠩ ᠤᠨ ᠲᠠᠰ ᠳᠠᠷᠠᠭᠠᠯᠠᠯ ᠢᠶᠠᠷ ᠲᠦᠷᠭᠡᠨ ᠣᠷᠣᠭᠤᠯᠵᠤ ᠢᠷᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠠᠶᠢᠪᠠᠯ᠂ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠬᠤ ᠪᠠ ᠴᠢᠳᠠᠪᠤᠷᠢᠲᠠᠨ ᠣᠷᠣᠭᠤᠯᠵᠤ ᠢᠷᠡᠬᠦ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠣᠷᠣᠨ ᠲᠤᠭ᠎ᠠ ᠶᠢᠨ ᠬᠢᠵᠠᠭᠠᠷ ᠲᠤᠭ᠎ᠠ ᠶᠢᠨ ᠳᠣᠲᠣᠷ᠎ᠠ ︽ᠨᠢᠭᠡ ᠬᠡᠷᠡᠭ ᠢ ᠨᠢᠭᠡ ᠵᠥᠪᠯᠡᠬᠦ︾ ᠪᠠᠷ ᠳᠠᠮᠵᠢᠭᠤᠯᠤᠨ ᠣᠷᠣᠭᠤᠯᠵᠤ ᠠᠪᠴᠢᠷᠠᠵᠤ ᠪᠣᠯᠣᠨ᠎ᠠ᠃ ᠡᠨᠡ ᠵᠢᠯ ᠠᠴᠠ ᠨᠠᠰᠢ᠂ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠶᠢ ᠤᠷᠢᠵᠤ ᠨᠢᠭᠤᠷᠲᠠᠨ ᠰᠢᠯᠭᠠᠬᠤ ᠠᠵᠢᠯ ᠢ ᠨᠡᠶᠢᠲᠡ 310 ᠪᠡᠶᠡᠯᠡᠭᠦᠯᠵᠦ᠂ 108 ᠬᠥᠮᠥᠨ ᠢ ᠡᠯᠰᠡᠨ ᠬᠡᠷᠡᠭᠯᠡᠵᠦ᠂ 9 ᠰᠠᠷ᠎ᠠ ᠳᠤ ᠪᠦᠬᠦᠨ ᠢ ᠠᠵᠢᠯ ᠤᠨ ᠪᠠᠶᠢᠷᠢ ᠳᠤ ᠭᠠᠷᠭᠠᠪᠠ᠃ ᠪᠤᠰᠤᠳ ᠠᠵᠢᠯ ᠦᠢᠯᠡᠰ ᠤᠨ ᠨᠢᠭᠡᠴᠡ ᠶᠢᠨ 2023 ᠣᠨ ᠤ ᠴᠢᠳᠠᠪᠤᠷᠢᠲᠠᠨ ᠢ ᠢᠯᠡ ᠪᠠᠷ ᠡᠯᠰᠡᠬᠦ ᠲᠥᠯᠥᠪᠯᠡᠭᠡ ᠶᠢᠨ ᠡᠯᠰᠡᠬᠦ ᠪᠠ ᠳᠡᠭᠡᠭᠰᠢ ᠮᠡᠳᠡᠭᠦᠯᠬᠦ ᠠᠵᠢᠯ ᠢ ᠪᠡᠶᠡᠯᠡᠭᠦᠯᠵᠦ᠂ ᠨᠡᠶᠢᠲᠡ 10 ᠨᠢᠭᠡᠴᠡ ᠡᠯᠰᠡᠵᠦ᠂ 28 ᠬᠥᠮᠥᠨ ᠡᠯᠰᠡᠵᠦ᠂ 8 ᠰᠠᠷ᠎ᠠ ᠳᠤ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠭᠠᠷᠪᠠ᠃ ︽ᠵᠢᠨᠢᠩ ᠲᠣᠭᠤᠷᠢᠭ ᠤᠨ 2022 ᠣᠨ ᠤ ᠠᠵᠢᠯ ᠦᠢᠯᠡᠰ ᠤᠨ ᠨᠢᠭᠡᠴᠡ ᠶᠢᠨ ᠲᠣᠰᠬᠤᠨ ᠤ ᠰᠢᠯᠢᠳᠡᠭ ᠺᠠᠳ᠋ᠷ᠂ ᠨᠡᠶᠢᠭᠡᠮ ᠲᠣᠭᠤᠷᠢᠭ ᠤᠨ ᠠᠵᠢᠯᠲᠠᠨ ᠢ ᠲᠤᠰᠬᠠᠢ ᠵᠦᠢᠯ ᠢᠶᠠᠷ ᠤᠷᠢᠨ ᠬᠡᠷᠡᠭᠯᠡᠬᠦ ᠶᠢᠨ ᠬᠡᠷᠡᠭᠵᠢᠭᠦᠯᠬᠦ ᠲᠥᠰᠥᠯ︾ ᠢ ᠦᠨᠳᠦᠰᠦᠯᠡᠨ᠂ ᠨᠡᠶᠢᠭᠡᠮ ᠤᠨ ᠰᠢᠯᠢᠳᠡᠭ ᠠᠵᠢᠯᠲᠠᠨ ᠢ ᠲᠤᠰᠬᠠᠢ ᠵᠦᠢᠯ ᠢᠶᠠᠷ ᠤᠷᠢᠨ ᠬᠡᠷᠡᠭᠯᠡᠬᠦ ᠠᠵᠢᠯ ᠢ ᠥᠷᠨᠢᠭᠦᠯᠪᠡ᠃ ᠲᠣᠰ ᠤᠳᠠᠭᠠᠨ ᠤ ᠲᠤᠰᠬᠠᠢ ᠲᠥᠷᠥᠯ ᠤᠨ ᠡᠯᠰᠡᠯᠲᠡ ᠳᠤ ᠡᠯ᠎ᠡ ᠬᠤᠯᠪᠣᠭᠳᠠᠯ ᠪᠦᠬᠦᠢ ᠨᠢᠭᠡᠴᠡ ᠶᠢᠨ 12 ᠬᠥᠮᠥᠨ ᠢ ᠤᠷᠢᠨ ᠬᠡᠷᠡᠭᠯᠡᠬᠦ ᠪᠠᠷ ᠲᠣᠭᠲᠠᠭᠠᠵᠤ᠂ 7 ᠰᠠᠷ᠎ᠠ ᠳᠤ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠭᠠᠷᠬᠤ ᠪᠣᠯᠣᠨ᠎ᠠ᠃     ᠬᠤᠶᠠᠷ ᠲᠤ ᠴᠢᠳᠠᠪᠤᠷᠢᠲᠠᠨ ᠢ ᠲᠥᠷᠥᠯ ᠬᠤᠪᠢᠶᠠᠨ ᠦᠨᠡᠯᠡᠬᠦ ᠠᠵᠢᠯ ᠢ ᠲᠦᠯᠬᠢᠨ ᠠᠬᠢᠭᠤᠯᠤᠨ᠎ᠠ᠃ 2 ᠰᠠᠷ᠎ᠠ ᠳᠤ᠂ ᠣᠷᠣᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠢᠶᠠᠷ ︽ᠵᠢᠨᠢᠩ ᠲᠣᠭᠤᠷᠢᠭ ᠤᠨ ᠴᠢᠳᠠᠪᠤᠷᠢᠲᠠᠨ ᠢ ᠲᠥᠷᠥᠯ ᠬᠤᠪᠢᠶᠠᠨ ᠦᠨᠡᠯᠡᠬᠦ ᠶᠢᠨ ᠬᠡᠷᠡᠭᠵᠢᠭᠦᠯᠬᠦ ᠲᠥᠰᠥᠯ ︵ᠲᠦᠷ ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ᠂ ᠪᠥᠬᠦ ᠣᠷᠣᠨ ᠳᠤ ᠬᠠᠨᠳᠤᠭᠤᠯᠤᠨ ᠨᠢᠭᠡᠳᠦᠭᠡᠷ ᠪᠦᠯᠦᠭ ᠤᠨ ᠴᠢᠳᠠᠪᠤᠷᠢᠲᠠᠨ ᠢ ᠲᠥᠷᠥᠯ ᠬᠤᠪᠢᠶᠠᠨ ᠦᠨᠡᠯᠡᠵᠦ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠵᠦ᠂ ︽ᠵᠢᠨᠢᠩ ᠲᠣᠭᠤᠷᠢᠭ ᠤᠨ ᠴᠢᠳᠠᠪᠤᠷᠢᠲᠠᠨ ᠢ ᠲᠥᠷᠥᠯ ᠬᠤᠪᠢᠶᠠᠨ ᠦᠨᠡᠯᠡᠬᠦ ᠪᠠᠷᠢᠮᠵᠢᠶ᠎ᠠ︾ ᠶᠣᠰᠣᠭᠠᠷ᠂ ᠵᠢᠨᠢᠩ ᠲᠣᠭᠤᠷᠢᠭ ᠤᠨ ᠴᠢᠳᠠᠪᠤᠷᠢᠲᠠᠨ ᠢ ᠲᠥᠷᠥᠯ ᠬᠤᠪᠢᠶᠠᠨ ᠦᠨᠡᠯᠡᠵᠦ ᠮᠠᠭᠠᠳᠯᠠᠨ ᠲᠣᠭᠲᠠᠭᠠᠵᠤ ᠬᠢᠨᠠᠨ ᠬᠠᠷᠭᠤᠭᠤᠯᠬᠤ ᠪᠠᠷ ᠳᠡᠮᠵᠢᠨ᠂ ᠨᠢᠭᠡᠳᠦᠭᠡᠷ ᠪᠦᠯᠦᠭ ᠲᠤ ᠨᠢᠭᠡᠨᠲᠡ B ᠲᠥᠷᠥᠯ ᠤᠨ 16 ᠴᠢᠳᠠᠪᠤᠷᠢᠲᠠᠨ᠂ C ᠲᠥᠷᠥᠯ ᠤᠨ 97 ᠴᠢᠳᠠᠪᠤᠷᠢᠲᠠᠨ᠂ D ᠲᠥᠷᠥᠯ ᠤᠨ 1176 ᠴᠢᠳᠠᠪᠤᠷᠢᠲᠠᠨ᠂ E ᠲᠥᠷᠥᠯ ᠤᠨ 1946 ᠴᠢᠳᠠᠪᠤᠷᠢᠲᠠᠨ ᠢ ᠦᠨᠡᠯᠡᠨ ᠮᠠᠭᠠᠳᠯᠠᠨ ᠲᠣᠭᠲᠠᠭᠠᠵᠤ᠂ ᠦᠷᠭᠦᠯᠵᠢᠯᠡᠨ ᠦᠨᠡᠯᠡᠨ ᠲᠣᠭᠲᠠᠭᠠᠬᠤ ᠠᠵᠢᠯ ᠢ ᠥᠷᠨᠢᠭᠦᠯᠬᠦ ᠪᠣᠯᠣᠨ᠎ᠠ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2