︽ᠤᠯᠠᠭᠠᠨᠴᠠᠪ ᠬᠤᠲᠠ ᠶᠢᠨ ᠴᠡᠴᠡᠷᠯᠢᠭ ᠮᠠᠶ᠋ᠢᠭ ᠤᠨ ᠪᠠᠶᠢᠭᠤᠯᠭ᠎ᠠ ᠨᠢᠭᠡᠴᠢ ᠪᠠ ᠣᠷᠣᠨ ᠰᠠᠭᠤᠴᠠ ᠶᠢᠨ ᠲᠣᠭᠤᠷᠢᠭ ᠢᠶᠠᠷ ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠶᠢᠨ ᠬᠡᠷᠡᠭᠵᠢᠭᠦᠯᠬᠦ ᠠᠷᠭ᠎ᠠ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/14
ᠨᠢᠭᠡ᠂ ᠲᠥᠷᠥ ᠶᠢᠨ ᠪᠣᠳᠣᠯᠭ᠎ᠠ ᠶᠢ ᠲᠤᠭᠳᠠᠭᠠᠭᠰᠠᠨ ᠠᠬᠤᠢ ᠪᠠᠶᠢᠳᠠᠯ     ᠪᠦᠬᠦ ᠬᠤᠲᠠ ᠵᠢᠴᠢ ᠬᠤᠲᠠ ᠳᠤ ᠰᠠᠭᠤᠭ᠎ᠠ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ᠂ ᠴᠡᠷᠢᠭ ᠠᠩᠭᠢ ᠵᠡᠷᠭᠡ ᠪᠠᠶᠢᠭᠤᠯᠭ᠎ᠠ ᠨᠢᠭᠡᠴᠢ ᠶᠢᠨ ᠬᠦᠷᠢᠶ᠎ᠡ ᠬᠠᠰᠢᠶ᠎ᠠ ᠪᠠ ᠣᠷᠣᠨ ᠰᠠᠭᠤᠴᠠ ᠶᠢᠨ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠬᠤᠲᠠ ᠶᠢᠨ ᠪᠦᠬᠦ᠋ᠢᠯᠡ ᠨᠣᠭᠤᠭᠠᠷᠠᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠴᠡᠴᠡᠷᠯᠢᠭᠵᠢᠭᠰᠡᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠥᠷᠭᠡᠨ ᠳᠡᠯᠭᠡᠷ ᠶᠠᠪᠤᠭᠳᠠᠬᠤ ᠶᠢ ᠠᠬᠢᠭᠤᠯᠵᠤ᠂ ᠬᠤᠲᠠ ᠶᠢᠨ ᠳᠡᠰ ᠤᠨ ︽ᠴᠡᠴᠡᠷᠯᠢᠭ ᠤᠨ ᠬᠡᠯᠪᠡᠷᠢ ᠶᠢᠨ ᠪᠠᠶᠢᠭᠤᠯᠭ᠎ᠠ ᠨᠢᠭᠡᠴᠢ︾᠂ ︽ᠴᠡᠴᠡᠷᠯᠢᠭ ᠤᠨ ᠬᠡᠯᠪᠡᠷᠢ ᠶᠢᠨ ᠣᠷᠣᠨ ᠰᠠᠭᠤᠴᠠ ᠶᠢᠨ ᠲᠣᠭᠤᠷᠢᠭ︾ ᠢᠶᠠᠷ ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠳᠡᠰ ᠳᠠᠷᠠᠭ᠎ᠠ ᠪᠠ ᠪᠠᠷᠢᠮᠵᠢᠶ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ ᠶᠢᠨ ᠲᠤᠰᠠᠳᠠ᠂ ︽ᠤᠯᠤᠰ ᠤᠨ ᠴᠡᠴᠡᠷᠯᠢᠭᠵᠢᠭᠰᠡᠨ ᠬᠤᠲᠠ ᠪᠠᠷ ᠭᠤᠶᠤᠴᠢᠯᠠᠨ ᠮᠡᠳᠡᠭᠦᠯᠬᠦ ᠪᠠ ᠰᠢᠯᠭᠠᠷᠠᠭᠤᠯᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾ ︵ᠬᠤᠳᠠ ᠪᠠᠶᠢᠭᠤᠯᠤᠯᠳᠠ ﹇2022﹈ 2 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠴᠡᠴᠡᠷᠯᠢᠭᠵᠢᠭᠦᠯᠦᠨ ᠨᠣᠭᠤᠭᠠᠷᠠᠭᠤᠯᠬᠤ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 210 ᠳ᠋ᠤᠭᠠᠷ ᠲᠣᠭᠠᠲᠤ︶ ᠵᠢᠴᠢ ︽ᠤᠯᠠᠭᠠᠨᠴᠠᠪ ᠬᠤᠲᠠ ᠶᠢᠨ ᠬᠤᠲᠠ ᠶᠢᠨ ᠴᠡᠴᠡᠷᠯᠢᠭᠵᠢᠭᠦᠯᠦᠨ ᠨᠣᠭᠤᠭᠠᠷᠠᠭᠤᠯᠬᠤ ᠳᠦᠷᠢᠮ︾ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠲᠣᠰ ᠬᠤᠲᠠ ᠶᠢᠨ ᠴᠡᠴᠡᠷᠯᠢᠭᠵᠢᠭᠦᠯᠦᠨ ᠨᠣᠭᠤᠭᠠᠷᠠᠭᠤᠯᠬᠤ ᠪᠠ ᠬᠠᠮᠢᠶᠠᠷᠴᠤ ᠬᠠᠮᠠᠭᠠᠯᠠᠬᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃ ᠬᠤᠶᠠᠷ᠂ ᠲᠣᠭᠲᠠᠭᠠᠭᠰᠠᠨ ᠦᠨᠳᠦᠰᠦᠯᠡᠯ     ︽ᠤᠯᠤᠰ ᠤᠨ ᠴᠡᠴᠡᠷᠯᠢᠭᠵᠢᠭᠦᠯᠦᠭᠰᠡᠨ ᠬᠤᠲᠠ ᠶᠢ ᠭᠤᠶᠤᠴᠢᠯᠠᠨ ᠮᠡᠳᠡᠭᠦᠯᠬᠦ ᠪᠠ ᠰᠢᠯᠭᠠᠷᠠᠭᠤᠯᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠮᠡᠳᠡᠭᠳᠡᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠴᠡᠴᠡᠷᠯᠢᠭᠵᠢᠭᠦᠯᠦᠨ ᠨᠣᠭᠤᠭᠠᠷᠠᠭᠤᠯᠬᠤ ᠬᠠᠮᠢᠶᠠᠷᠤᠯᠲᠠ ᠶᠢᠨ ᠠᠷᠭ᠎ᠠ︾ ᠵᠢᠴᠢ ︽ᠤᠯᠠᠭᠠᠨᠴᠠᠪ ᠬᠤᠲᠠ ᠶᠢᠨ ᠬᠤᠲᠠ ᠶᠢᠨ ᠴᠡᠴᠡᠷᠯᠢᠭᠵᠢᠭᠦᠯᠦᠨ ᠨᠣᠭᠤᠭᠠᠷᠠᠭᠤᠯᠬᠤ ᠳᠦᠷᠢᠮ︾ ᠵᠡᠷᠭᠡ᠃ ᠭᠤᠷᠪᠠ᠂ ᠨᠡᠶᠢᠲᠡᠯᠡᠭᠰᠡᠨ ᠵᠣᠷᠢᠯᠭ᠎ᠠ     ᠬᠤᠲᠠ ᠶᠢᠨ ᠪᠦᠬᠦᠯᠢ ᠴᠣᠭᠴᠠ ᠶᠢᠨ ᠴᠡᠴᠡᠷᠯᠢᠭᠵᠢᠭᠦᠯᠦᠨ ᠨᠣᠭᠤᠭᠠᠷᠠᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠴᠡᠴᠡᠷᠯᠢᠭᠵᠢᠭᠦᠯᠦᠭᠰᠡᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠳᠡᠯᠭᠡᠷ᠂ ᠭᠦᠨᠵᠡᠭᠡᠢ ᠥᠷᠨᠢᠭᠦᠯᠬᠦ ᠶᠢ ᠲᠦᠯᠬᠢᠨ ᠠᠬᠢᠭᠤᠯᠬᠤ ᠶᠢᠨ ᠲᠦᠯᠦᠭᠡ᠂ ᠬᠤᠲᠠ ᠶᠢᠨ ᠱᠠᠲᠤᠨ ᠤ ︽ᠴᠡᠴᠡᠷᠯᠢᠭᠵᠢᠭᠦᠯᠦᠭᠰᠡᠨ ᠨᠢᠭᠡᠴᠢ︾᠂ ︽ᠴᠡᠴᠡᠷᠯᠢᠭᠵᠢᠭᠦᠯᠦᠭᠰᠡᠨ ᠣᠷᠣᠨ ᠰᠠᠭᠤᠴᠠ ᠶᠢᠨ ᠲᠣᠭᠤᠷᠢᠭ︾ ᠢᠶᠠᠷ ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠲᠠᠰ ᠳᠠᠷᠠᠭᠠᠯᠠᠯ ᠪᠠ ᠪᠠᠷᠢᠮᠵᠢᠶ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠡᠷᠡᠭᠲᠡᠢ᠃ ᠳᠥᠷᠪᠡ᠂ ᠭᠤᠣᠯ ᠠᠭᠤᠯᠭ᠎ᠠ     ᠲᠥᠰᠥᠯ ᠳᠤ ᠬᠤᠲᠠ ᠶᠢᠨ ᠱᠠᠲᠤᠨ ᠤ ︽ᠴᠡᠴᠡᠷᠯᠢᠭ ᠮᠠᠶ᠋ᠢᠭ ᠤᠨ ᠣᠷᠣᠨ ᠰᠠᠭᠤᠴᠠ ᠶᠢᠨ ᠲᠣᠭᠤᠷᠢᠭ ︵ᠪᠠᠶᠢᠭᠤᠯᠭ᠎ᠠ ᠨᠢᠭᠡᠴᠢ︶︾ ᠢ ᠰᠢᠯᠭᠠᠷᠠᠭᠤᠯᠬᠤ ᠪᠠᠷ ᠮᠡᠳᠡᠭᠦᠯᠬᠦ ᠬᠡᠪᠴᠢᠶ᠎ᠡ᠂ ᠮᠡᠳᠡᠭᠦᠯᠬᠦ ᠨᠥᠬᠦᠴᠡᠯ᠂ ᠮᠡᠳᠡᠭᠦᠯᠬᠦ ᠴᠠᠭ᠂ ᠮᠡᠳᠡᠭᠦᠯᠬᠦ ᠮᠠᠲ᠋ᠧᠷᠢᠶᠠᠯ᠂ ᠰᠢᠯᠭᠠᠷᠠᠭᠤᠯᠬᠤ ᠲᠠᠰ ᠳᠠᠷᠠᠭᠠᠯᠠᠯ ᠵᠢᠴᠢ ᠳᠠᠪᠲᠠᠨ ᠪᠠᠶᠢᠴᠠᠭᠠᠵᠤ ᠬᠠᠮᠢᠶᠠᠷᠬᠤ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠬᠤᠲᠠ ᠶᠢᠨ ᠱᠠᠲᠤᠨ ᠤ ︽ᠴᠡᠴᠡᠷᠯᠢᠭ ᠮᠠᠶ᠋ᠢᠭ ᠤᠨ ᠣᠷᠣᠨ ᠰᠠᠭᠤᠴᠠ ᠶᠢᠨ ᠲᠣᠭᠤᠷᠢᠭ ︵ᠪᠠᠶᠢᠭᠤᠯᠭ᠎ᠠ ᠨᠢᠭᠡᠴᠢ︶︾ ᠢ ᠰᠢᠯᠭᠠᠷᠠᠭᠤᠯᠬᠤ ᠬᠠᠮᠢᠶ᠎ᠠ ᠪᠦᠬᠦᠢ ᠠᠵᠢᠯ ᠢ ᠵᠦᠢ ᠵᠣᠬᠢᠰᠲᠠᠢ ᠲᠣᠬᠢᠷᠠᠭᠤᠯᠪᠠ᠃ ᠲᠠᠪᠤ᠂ ᠨᠡᠶᠢᠲᠡᠯᠡᠭᠰᠡᠨ ᠠᠴᠢ ᠬᠤᠯᠪᠣᠭᠳᠠᠯ     ︽ᠤᠯᠠᠭᠠᠨᠴᠠᠪ ᠬᠤᠲᠠ ᠶᠢᠨ ᠴᠡᠴᠡᠷᠯᠢᠭ ᠮᠠᠶ᠋ᠢᠭ ᠤᠨ ᠪᠠᠶᠢᠭᠤᠯᠭ᠎ᠠ ᠨᠢᠭᠡᠴᠢ ᠪᠠ ᠣᠷᠣᠨ ᠰᠠᠭᠤᠴᠠ ᠶᠢᠨ ᠲᠣᠭᠤᠷᠢᠭ ᠢᠶᠠᠷ ᠭᠤᠶᠤᠴᠢᠯᠠᠨ ᠮᠡᠳᠡᠭᠦᠯᠵᠦ ᠰᠢᠯᠭᠠᠷᠠᠭᠤᠯᠬᠤ ᠶᠢᠨ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠭᠰᠡᠨ ᠨᠢ ᠤᠯᠤᠰ ᠤᠨ ᠴᠡᠴᠡᠷᠯᠢᠭᠵᠢᠭᠦᠯᠦᠭᠰᠡᠨ ᠬᠤᠲᠠ ᠶᠢ ᠳᠠᠬᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠪᠣᠬᠢᠷᠲᠤᠯ ᠦᠭᠡᠢ ᠬᠤᠲᠠ ᠶᠢ ᠪᠦᠲᠦᠭᠡᠨ ᠪᠠᠶᠢᠭᠤᠯᠬᠤ ᠶᠠᠪᠤᠴᠠ ᠳᠤᠮᠳᠠᠬᠢ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠲᠠ ᠶᠢᠨ ᠣᠷᠣᠨ ᠰᠠᠭᠤᠴᠠ ᠶᠢᠨ ᠲᠣᠭᠤᠷᠢᠭ ᠪᠠ ᠪᠠᠶᠢᠭᠤᠯᠭ᠎ᠠ ᠨᠢᠭᠡᠴᠢ ᠶᠢᠨ ᠬᠦᠷᠢᠶ᠎ᠡ ᠬᠠᠰᠢᠶ᠎ᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠠᠰᠢᠭᠲᠠᠢ ᠶᠤᠮ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2