ᠵᠢᠷᠭᠤᠳᠤᠭᠠᠷ ᠬᠤᠭᠤᠴᠠᠭᠠᠨ ᠤ ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/11/15
  ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠪᠥᠬᠦ ᠬᠤᠲᠠ ᠶᠢᠨ ᠡᠯ᠎ᠡ ᠠᠵᠢᠯ ᠲᠥᠷᠥᠯ ᠤᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠶᠢ ᠬᠥᠲᠥᠯᠥᠨ ᠵᠢᠯᠤᠭᠤᠳᠬᠤ ᠪᠠ ᠤᠷᠮᠠᠰᠢᠭᠤᠯᠵᠤ᠂ ᠭᠠᠷᠮᠠᠭᠠᠢ ᠠᠮᠵᠢᠯᠲᠠ ᠪᠦᠲᠦᠮᠵᠢ ᠶᠢ ᠬᠥᠭᠡᠭᠡᠴᠡᠯᠳᠦᠨ᠂ ᠶᠠᠰᠤ ᠴᠢᠨᠠᠷ ᠤᠨ ᠬᠡᠪ ᠳᠠᠭᠤᠷᠢᠶᠠᠯ ᠢ ᠪᠣᠶ ᠪᠣᠯᠭᠠᠵᠤ᠂ ᠨᠡᠶᠢᠲᠡᠯᠢᠭ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠪᠥᠬᠦ ᠬᠤᠲᠠ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠦᠷ᠎ᠡ ᠠᠰᠢᠭ ᠢ ᠨᠡᠮᠡᠭᠳᠡᠭᠦᠯᠵᠦ᠂ ᠲᠠᠰ ᠳᠡᠪᠰᠢᠬᠦ ᠶᠢ ᠠᠬᠢᠭᠤᠯᠬᠤ ᠶᠢᠨ ᠲᠤᠰᠠᠳᠠ᠂ ︽︿ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︶ ᠳᠤ ᠵᠠᠰᠠᠪᠤᠷᠢ ᠣᠷᠣᠭᠤᠯᠬᠤ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠵᠢᠷᠭᠤᠳᠤᠭᠠᠷ ᠬᠤᠭᠤᠴᠠᠭᠠᠨ ᠤ ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄ ᠨᠢᠭᠡ᠂ ᠮᠡᠳᠡᠭᠦᠯᠬᠦ ᠵᠠᠷᠴᠢᠮ   ᠰᠠᠶᠢᠨ ᠳᠤᠷ᠎ᠠ ᠠᠴᠠ ᠪᠠᠨ ᠮᠡᠳᠡᠭᠦᠯᠬᠦ᠂ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ᠂ ᠡᠷᠬᠡ ᠲᠡᠭᠰᠢ ᠲᠥᠪ ᠭᠤᠣᠯᠴᠢ ᠢᠯᠡ ᠲᠣᠳᠣ ᠪᠠᠶᠢᠬᠤ ᠵᠠᠷᠴᠢᠮ ᠢ ᠪᠠᠷᠢᠮᠲᠠᠯᠠᠨ᠂ ᠪᠠᠷᠢᠮᠵᠢᠶ᠎ᠠ ᠶᠢ ᠴᠢᠩᠳᠠᠯᠠᠵᠤ᠂ ᠰᠠᠶᠢᠨ ᠤ ᠳᠣᠲᠣᠷ᠎ᠠ ᠠᠴᠠ ᠰᠢᠯᠢᠳᠡᠭ ᠢ ᠨᠢ ᠰᠣᠩᠭᠤᠨ᠎ᠠ᠃ ᠬᠤᠶᠠᠷ᠂ ᠮᠡᠳᠡᠭᠦᠯᠬᠦ ᠡᠲᠡᠭᠡᠳ   ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠬᠦ ᠨᠢᠭᠡᠴᠢ ᠪᠦᠬᠦᠨ ᠴᠥᠮ ᠭᠤᠶᠤᠴᠢᠯᠠᠨ ᠮᠡᠳᠡᠭᠦᠯᠵᠦ ᠪᠣᠯᠣᠨ᠎ᠠ᠃ ᠭᠤᠷᠪᠠ᠂ ᠮᠡᠳᠡᠭᠦᠯᠬᠦ ᠨᠥᠬᠦᠴᠡᠯ ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠨᠠᠮ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠭᠰᠠᠨ ᠪᠠᠶᠢᠬᠤ ᠬᠡᠷᠡᠭᠳᠡᠢ᠃ ︵ᠬᠤᠶᠠᠷ︶ ᠬᠠᠤᠯᠢ ᠶᠣᠰᠣᠭᠠᠷ ᠤᠯᠠᠭᠠᠨᠴᠠᠪ ᠬᠤᠲᠠ ᠳᠤ ᠳᠠᠩᠰᠠᠯᠠᠭᠤᠯᠤᠨ ᠲᠡᠮᠳᠡᠭᠯᠡᠵᠦ᠂ 3 ᠵᠢᠯ ᠠᠴᠠ ᠳᠡᠭᠡᠭᠰᠢ ᠬᠡᠪ ᠤᠨ ᠶᠣᠰᠣᠭᠠᠷ ᠠᠵᠢᠯᠯᠠᠬᠤ ᠶᠢᠨ ᠬᠠᠮᠲᠤ ᠭᠠᠶᠢᠯᠢ ᠪᠠᠨ ᠴᠠᠭ ᠲᠤᠬᠠᠢ ᠳᠤᠨᠢ ᠲᠤᠭ᠎ᠠ ᠶᠣᠰᠣᠭᠠᠷ ᠲᠤᠰᠢᠶᠠᠭᠰᠠᠨ ᠪᠠᠶᠢᠬᠤ ᠬᠡᠷᠡᠭᠳᠡᠢ᠃︵ᠭᠤᠷᠪᠠ︶ ᠪᠦᠲᠦᠮᠵᠢᠲᠡᠶ ᠠᠵᠢᠯᠯᠠᠬᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠪᠤᠶᠤ ᠪᠤᠰᠤᠳ ᠬᠤᠯᠪᠣᠭᠳᠠᠯ ᠪᠦᠬᠦᠢ ᠠᠵᠢᠯ ᠲᠦᠷᠦᠯ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠥᠪᠡᠷ ᠢ ᠪᠠᠨ ᠲᠡᠭᠦᠯᠳᠡᠷᠵᠢᠭᠦᠯᠦᠨ ᠶᠠᠰᠤ ᠴᠢᠨᠠᠷ ᠢ ᠰᠠᠶᠢᠵᠢᠷᠠᠭᠤᠯᠬᠤ ᠲᠣᠭᠲᠠᠴᠠ ᠶᠢ ᠪᠤᠢ ᠪᠣᠯᠭᠠᠵᠤ᠂ ᠡᠨᠧᠷᠭᠢ ᠠᠷᠪᠢᠯᠠᠵᠤ ᠪᠣᠬᠢᠷᠲᠤᠯ ᠲᠠᠢ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠤᠶᠤ ᠣᠷᠴᠢᠨ ᠠᠬᠤᠢ ᠶᠢ ᠬᠠᠮᠠᠭᠠᠯᠠᠬᠤ ᠲᠠᠯ᠎ᠠ ᠪᠠᠷ ᠲᠣᠪᠣᠶᠢᠮ᠎ᠠ ᠠᠮᠵᠢᠯᠲᠠ ᠪᠦᠲᠦᠮᠵᠢ ᠤᠯᠤᠭᠰᠠᠨ ᠪᠠᠶᠢᠬᠤ ᠬᠡᠷᠡᠭᠳᠡᠢ᠃ ︵ᠳᠥᠷᠪᠡ︶ ︽ᠭᠠᠷᠮᠠᠭᠠᠢ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ︵GB/T19580 ︱ 2012 ︶ ᠶᠢᠨ ᠤᠯᠤᠰ ᠤᠨ ᠪᠠᠷᠢᠮᠵᠢᠶ᠎ᠠ ᠶᠢ ᠬᠢᠨᠠᠮᠠᠭᠠᠢ ᠲᠤᠭᠤᠰᠢᠯᠠᠭᠤᠯᠤᠨ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠢᠳᠡᠪᠬᠢᠲᠡᠢ ᠳᠡᠯᠭᠡᠷᠡᠭᠦᠯᠵᠦ᠂ ᠶᠠᠰᠤ ᠴᠢᠨᠠᠷ ᠤᠨ ᠦᠷ᠎ᠡ ᠠᠰᠢᠭ ᠢ ᠲᠣᠪᠣᠶᠢᠮ᠎ᠠ ᠪᠣᠯᠭᠠᠨ᠎ᠠ᠃ ᠣᠶᠢᠷ᠎ᠠ ᠶᠢᠨ 3 ᠵᠢᠯ ᠳᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ᠂ ᠮᠡᠷᠭᠡᠵᠢᠯ ᠤᠨ ᠭᠦᠢᠴᠡᠳᠬᠡᠯ ᠲᠤᠭ᠎ᠠ ᠪᠠ ᠶᠠᠰᠤ ᠴᠢᠨᠠᠷ ᠤᠨ ᠬᠢᠷᠢ ᠲᠦᠪᠰᠢᠨ ᠪᠥᠬᠦ ᠬᠤᠲᠠ ᠶᠢᠨ ᠠᠳᠠᠯᠢ ᠠᠵᠢᠯ ᠲᠥᠷᠥᠯ ᠤᠨ ᠲᠡᠷᠢᠭᠦᠨ ᠤ ᠪᠠᠶᠢᠷᠢᠨ ᠳᠤ ᠣᠷᠤᠭᠰᠠᠨ ᠪᠠᠶᠢᠬᠤ ᠬᠡᠷᠡᠭᠳᠡᠢ᠃ ︵ᠲᠠᠪᠤ︶ ᠶᠠᠰᠤ ᠴᠢᠨᠠᠷ ᠤᠨ ᠬᠢᠷᠢ ᠬᠡᠮᠵᠢᠶ᠎ᠡ᠂ ᠰᠢᠨ᠎ᠡ ᠶᠢ ᠡᠭᠦᠳᠬᠦ ᠴᠢᠳᠠᠪᠤᠷᠢ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠵᠢᠴᠢ ᠡᠵᠡᠩᠨᠡᠯᠲᠡ ᠶᠢᠨ ᠦᠷ᠎ᠡ ᠠᠰᠢᠭ ᠵᠡᠷᠭᠡ ᠲᠠᠯ᠎ᠠ ᠪᠠᠷ ᠲᠣᠪᠣᠶᠢᠮ᠎ᠠ ᠠᠮᠵᠢᠯᠲᠠ ᠪᠦᠲᠦᠮᠵᠢ ᠣᠯᠵᠤ᠂ ᠨᠡᠶᠢᠭᠡᠮ ᠳᠤ ᠢᠯᠡᠳᠲᠡ ᠬᠤᠪᠢ ᠨᠡᠮᠡᠷᠢ ᠦᠵᠡᠭᠦᠯᠦᠨ᠎ᠡ᠃ ᠦᠢᠯᠡᠳᠪᠦᠷᠢᠯᠡᠯ᠂ ᠦᠢᠯᠡᠴᠢᠯᠡᠭᠡᠨ ᠤ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠬᠥᠮᠥᠰ ᠤᠨ ᠡᠵᠡᠩᠨᠡᠯᠲᠡ ᠶᠢᠨ ᠬᠡᠪᠴᠢᠶ᠎ᠡ᠂ ᠪᠡᠶᠡᠯᠡᠭᠦᠯᠦᠭᠰᠡᠨ ᠠᠰᠢᠭ ᠤᠯᠵᠠᠪᠤᠷᠢ ᠶᠢᠨ ᠭᠠᠶᠢᠯᠢ᠂ ᠶᠡᠷᠦᠩᠬᠡᠢ ᠡᠳ᠋ ᠬᠥᠷᠥᠩᠭᠡ ᠶᠢᠨ ᠬᠤᠪᠢ ᠨᠡᠮᠡᠷᠢ ᠶᠢᠨ ᠨᠣᠷᠮ᠎ᠠ ᠨᠢ ᠮᠠᠨ ᠤ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠣᠵᠤ᠂ ᠣᠶᠢᠷ᠎ᠠ ᠶᠢᠨ 3 ᠵᠢᠯ ᠳᠤ ᠡᠵᠡᠩᠨᠡᠯᠲᠡ ᠶᠢᠨ ᠴᠢᠨᠠᠷᠲᠠᠢ ᠠᠯᠳᠠᠭᠳᠠᠯ ᠭᠠᠷᠤᠭᠰᠠᠨ ᠦᠭᠡᠢ ᠪᠠᠶᠢᠬᠤ ᠬᠡᠷᠡᠭᠳᠡᠢ᠃ ᠠᠰᠢᠭ ᠤᠯᠵᠠᠪᠤᠷᠢ ᠶᠢᠨ ᠪᠤᠰᠤ ᠴᠢᠨᠠᠷᠲᠠᠢ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠬᠥᠮᠥᠰ ᠤᠨ ᠨᠡᠶᠢᠭᠡᠮ ᠤᠨ ᠬᠤᠪᠢ ᠨᠡᠮᠡᠷᠢ ᠨᠢ ᠮᠠᠨ ᠤ ᠬᠤᠲᠠ ᠶᠢᠨ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠣᠷᠤᠭᠰᠠᠨ ᠪᠠᠶᠢᠬᠤ ᠬᠡᠷᠡᠭᠳᠡᠢ᠃ ︵ᠵᠢᠷᠭᠤᠭ᠎ᠠ︶ ᠣᠶᠢᠷ᠎ᠠ ᠶᠢᠨ 3 ᠵᠢᠯ ᠤᠨ ᠳᠣᠲᠣᠷ᠎ᠠ ᠶᠠᠰᠤ ᠴᠢᠨᠠᠷ᠂ ᠠᠮᠤᠷ ᠲᠦᠪᠰᠢᠨ᠂ ᠣᠷᠴᠢᠨ ᠲᠣᠭᠤᠷᠢᠨ ᠤ ᠪᠣᠬᠢᠷᠲᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠶᠢᠨ ᠠᠳᠡᠯ ᠦᠭᠡᠢ᠂ ᠬᠠᠮᠢᠶ᠎ᠠ ᠪᠦᠬᠦᠢ ᠬᠠᠤᠯᠢ ᠵᠥᠷᠢᠴᠡᠭᠰᠡᠨ᠂ ᠲᠣᠭᠲᠠᠭᠠᠯ ᠵᠥᠷᠢᠴᠡᠭᠰᠡᠨ᠂ ᠰᠠᠬᠢᠯᠭ᠎ᠠ ᠪᠠᠲᠤ ᠶᠢ ᠵᠥᠷᠢᠴᠡᠭᠰᠡᠨ ᠪᠠ ᠢᠲᠡᠭᠡᠯ ᠠᠯᠳᠠᠭᠰᠠᠨ ᠲᠡᠮᠳᠡᠭᠯᠡᠯ ᠦᠭᠡᠢ ᠪᠠᠶᠢᠬᠤ ᠬᠡᠷᠡᠭᠳᠡᠢ᠃ ᠳᠥᠷᠪᠡ᠂ ᠮᠡᠳᠡᠭᠦᠯᠬᠦ ᠲᠠᠰ ᠳᠠᠷᠠᠭᠠᠯᠠᠯ ︵ᠨᠢᠭᠡ︶ ᠪᠣᠯᠪᠠᠰᠤᠷᠠᠭᠤᠯᠤᠯ ᠬᠦᠷᠳᠡᠭᠡᠨ᠎ᠡ᠃ ᠤᠯᠠᠭᠠᠨᠴᠠᠪ ᠬᠤᠲᠠ ᠶᠢᠨ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠤᠨ ᠠᠯᠪᠠᠨ ᠭᠡᠷ ᠠᠴᠠ ᠵᠢᠷᠭᠤᠳᠤᠭᠠᠷ ᠬᠤᠭᠤᠴᠠᠭᠠᠨ ᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠪᠣᠯᠪᠠᠰᠤᠷᠠᠭᠤᠯᠤᠯ ᠤᠨ ᠠᠩᠭᠢ ᠡᠷᠭᠢᠯᠡᠵᠦ᠂ ᠶᠠᠰᠤ ᠴᠢᠨᠠᠷ ᠤᠨ ᠲᠤᠰᠬᠠᠢ ᠮᠡᠷᠭᠡᠵᠢᠯᠲᠡᠨ ᠢ ᠤᠷᠢᠵᠤ ︽ᠭᠠᠷᠮᠠᠭᠠᠢ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ︵GB/T 19580 ︱ 2012︶ ᠶᠢ ᠲᠠᠶᠢᠯᠪᠤᠷᠢᠯᠠᠨ ᠶᠠᠷᠢᠵᠤ᠂ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢ ᠤᠬᠠᠭᠤᠯᠤᠨ ᠲᠤᠭᠤᠰᠢᠯᠠᠭᠤᠯᠵᠤ᠂ ᠭᠤᠶᠤᠴᠢᠯᠠᠨ ᠮᠡᠳᠡᠭᠦᠯᠬᠦ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠥᠪᠡᠷ ᠢ ᠪᠠᠨ ᠦᠨᠡᠯᠡᠭᠦᠯᠵᠦ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠪᠢᠴᠢᠭᠦᠯᠦᠨ᠎ᠡ᠃ ︵ᠬᠤᠶᠠᠷ︶ ᠮᠡᠳᠡᠭᠦᠯᠬᠦ ᠪᠠ ᠬᠦᠯᠢᠶᠡᠨ ᠠᠪᠴᠤ ᠰᠢᠢᠳᠪᠦᠷᠢᠯᠡᠨ᠎ᠡ᠃ ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠨᠥᠬᠦᠴᠡᠯ ᠳᠤ ᠨᠡᠶᠢᠴᠡᠬᠦ ᠨᠢᠭᠡᠴᠢ ᠪᠦᠬᠦᠨ᠂ ᠰᠠᠶᠢᠨ ᠳᠤᠷ᠎ᠠ ᠶᠢᠨ ᠵᠠᠷᠴᠢᠮ ᠢ ᠦᠨᠳᠦᠰᠦᠯᠡᠨ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ https://www.wulanchabu.gov.cn/︶ ᠪᠤᠶᠤ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶ᠎ᠡ ︵https://amr.wulanchabu.gov.cn/ ᠠᠴᠠ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠮᠡᠳᠡᠭᠦᠯᠬᠦ ᠪᠢᠴᠢᠭ︾ ᠪᠠ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠠᠮᠠᠯᠠᠯᠲᠠ ᠶᠢᠨ ᠪᠢᠴᠢᠭ︾ ᠢ ᠪᠠᠭᠤᠯᠭᠠᠵᠦ ᠲᠠᠭᠯᠠᠨ ᠪᠢᠴᠢᠨ᠎ᠡ᠃ ᠡᠬᠦᠨ ᠤ ᠬᠠᠮᠳᠤ᠂ ᠬᠤᠯᠪᠤᠭᠳᠠᠯ ᠪᠦᠬᠦᠢ ᠭᠡᠷᠡᠴᠢᠯᠡᠬᠦ ᠴᠢᠨᠠᠷᠲᠠᠢ ᠮᠠᠲ᠋ᠧᠷᠢᠶᠠᠯ ᠤᠳ ᠢ ᠬᠠᠩᠭᠠᠵᠤ᠂ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠬᠤᠲᠠ ᠶᠢᠨ ᠰᠢᠭᠤᠳ ᠬᠠᠷᠢᠶ᠎ᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠡᠯᠪᠡᠷᠢ ᠶᠢᠨ ᠬᠢᠨᠠᠨ ᠪᠠᠶᠢᠴᠠᠭᠠᠯᠲᠠ ᠪᠠᠷ ᠳᠡᠮᠵᠢᠨ᠂ ᠲᠠᠨᠢᠯᠴᠠᠭᠤᠯᠬᠤ ᠰᠠᠨᠠᠯ ᠳᠤ ᠭᠠᠷ ᠤᠨ ᠥᠰᠥᠭ ᠵᠢᠷᠤᠭᠰᠠᠨ ᠤ ᠳᠠᠷᠠᠭ᠎ᠠ᠂ 2024 ᠣᠨ ᠤ 2 ᠳ᠋ᠤᠭᠠᠷ ᠰᠠᠷ᠎ᠠ ᠶᠢᠨ 29 ᠤ ᠡᠳᠦᠷ ᠠᠴᠠ ᠡᠮᠦᠨ᠎ᠡ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠤᠨ᠎ᠠ︶ ᠲᠤ ᠮᠡᠳᠡᠭᠦᠯᠦᠨ᠎ᠡ᠂ ᠬᠤᠭᠤᠴᠠᠭ᠎ᠠ ᠨᠢ ᠬᠡᠲᠦᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ᠃ ᠮᠡᠳᠡᠭᠦᠯᠬᠦ ᠵᠣᠬᠢᠶᠠᠨ ᠪᠠᠶᠢᠭᠤᠯᠤᠯᠲᠠ ᠨᠢ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ 1. ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠮᠡᠳᠡᠭᠦᠯᠦᠯᠳᠡ ᠶᠢᠨ ᠪᠢᠴᠢᠭ ᠪᠠ ᠠᠮᠠᠯᠠᠯᠲᠠ ᠶᠢᠨ ᠪᠢᠴᠢᠭ᠃ 2. ᠬᠡᠷᠡᠴᠢᠯᠡᠯᠳᠡ ᠶᠢᠨ ᠴᠢᠨᠠᠷ ᠲᠠᠢ ᠮᠠᠲ᠋ᠧᠷᠢᠶᠠᠯ᠃   ︵1︶ ᠡᠵᠡᠩᠨᠡᠯᠲᠡ ᠶᠢᠨ ᠦᠨᠡᠮᠯᠡᠯ᠂ ᠨᠢᠭᠡᠳᠦᠯᠲᠡᠢ ᠢᠲᠡᠭᠡᠮᠵᠢ ᠶᠢᠨ ᠣᠷᠣᠯᠠᠬᠤ ᠨᠣᠮᠧᠷᠳᠤ ᠦᠨᠡᠮᠯᠡᠯ ᠤᠨ ᠪᠠᠭᠤᠯᠭᠠᠪᠤᠷᠢ ︵ᠤᠯᠠᠭᠠᠨ ᠲᠠᠮᠠᠭ᠎ᠠ ᠳᠠᠷᠤᠨ᠎ᠠ︶᠃ ︵2︶ ᠵᠠᠰᠠᠭ ᠵᠠᠬᠢᠷᠭᠠᠨ ᠤ ᠵᠥᠪᠰᠢᠶᠡᠷᠡᠯ ᠪᠤᠶᠤ ᠠᠯᠪᠠᠳᠠᠯᠭ᠎ᠠ ᠶᠢᠨ ᠴᠢᠨᠠᠷᠲᠠᠢ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠤᠭᠰᠠᠨ ᠦᠨᠡᠮᠯᠡᠯ᠂ ᠦᠢᠯᠡᠳᠬᠦᠨ ᠤ ᠭᠡᠷᠡᠴᠢᠯᠡᠯ ᠤᠨ ᠦᠨᠡᠮᠯᠡᠯ᠂ ᠭᠤᠣᠯ ᠪᠣᠯᠬᠤ ᠵᠠᠬ᠎ᠠ ᠳᠡᠯᠭᠡᠭᠦᠷ ᠤᠨ ᠭᠦᠢᠴᠡᠳᠬᠡᠬᠦ ᠲᠤᠭ᠎ᠠ ᠶᠢ ᠭᠡᠷᠡᠴᠢᠯᠡᠬᠦ ᠮᠠᠲ᠋ᠧᠷᠢᠶᠠᠯ᠃ ︵3︶ ᠣᠷᠴᠢᠨ ᠠᠬᠤᠢ ᠳᠤ ᠪᠣᠬᠢᠷᠲᠤᠯ ᠦᠭᠡᠢ ᠪᠠ ᠣᠷᠴᠢᠨ ᠠᠬᠤᠢ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠭᠰᠡᠨ ᠦᠭᠡᠢ ᠶᠢᠨ ᠭᠡᠷᠡᠴᠢ᠃ ︵4︶ ᠠᠶᠤᠯᠳᠤ ᠦᠢᠯᠡᠳᠪᠦᠷᠢᠯᠡᠯ ᠤᠨ ᠠᠳᠡᠯ ᠡᠬᠦᠰᠦᠭᠰᠡᠨ ᠦᠭᠡᠢ ᠶᠢᠨ ᠭᠡᠷᠡᠴᠢ᠃ ︵5︶ ᠣᠶᠢᠷ᠎ᠠ ᠶᠢᠨ 3 ᠵᠢᠯ ᠳᠤ ᠡᠵᠡᠩᠨᠡᠯᠲᠡ ᠶᠢᠨ ᠴᠢᠨᠠᠷᠲᠠᠢ ᠠᠯᠳᠠᠭᠳᠠᠯ ᠦᠯᠦ ᠭᠠᠷᠤᠭᠰᠠᠨ ᠭᠡᠷᠡᠴᠢ᠃ ︵6︶ ᠣᠶᠢᠷ᠎ᠠ ᠶᠢᠨ 3 ᠵᠢᠯ ᠳᠤ ᠬᠤᠳᠠ ᠶᠢᠨ ᠱᠠᠲᠤᠨ ᠠᠴᠠ ᠳᠡᠭᠡᠭᠰᠢᠬᠢ ᠬᠤᠯᠪᠣᠭᠳᠠᠯ ᠪᠦᠬᠦᠢ ᠶᠠᠰᠤ ᠴᠢᠨᠠᠷ ᠤᠨ ᠱᠠᠩᠨᠠᠯ ᠬᠥᠬᠢᠭᠦᠯᠦᠯ ᠣᠯᠣᠭᠰᠠᠨ ᠭᠡᠷᠡᠴᠢ᠃ ︵7︶ ᠪᠦᠷᠢᠨ ᠪᠦᠲᠦᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠵᠢᠷᠤᠭ᠂ ᠳᠡᠰ ᠳᠠᠪᠬᠤᠷᠭ᠎ᠠ ᠨᠢ ᠰᠠᠯᠠᠭ᠎ᠠ ᠮᠥᠴᠢᠷ ᠠᠴᠠ ᠦᠢᠯᠡᠳᠪᠦᠷᠢ ᠶᠢᠨ ᠲᠠᠰᠤᠭ ᠤᠨ ᠨᠢᠭᠡᠳᠦᠭᠡᠷ ᠳᠡᠰ ᠬᠦᠷᠲᠡᠯ᠎ᠡ᠃ ︵8︶ ᠢᠲᠡᠭᠡᠮᠵᠢ ᠶᠢᠨ ᠲᠡᠮᠳᠡᠭᠯᠡᠯ ᠨᠢ ᠨᠡᠯᠢᠶᠡᠳ ᠰᠠᠶᠢᠨ᠂ ᠢᠲᠡᠭᠡᠯ ᠠᠯᠳᠠᠭᠰᠠᠨ ᠠᠵᠢᠯᠯᠠᠭ᠎ᠠ ᠶᠢᠨ ᠲᠡᠮᠳᠡᠭᠯᠡᠯ ᠦᠭᠡᠢ ᠪᠠᠶᠢᠬᠤ ᠬᠡᠷᠡᠭᠳᠡᠢ᠃ 3. ᠥᠪᠡᠷ ᠢ ᠪᠠᠨ ᠦᠨᠡᠯᠡᠭᠰᠡᠨ ᠮᠡᠳᠡᠭᠦᠯᠦᠯᠲᠡ᠃ ︽ᠰᠢᠯᠭᠠᠷᠠᠭᠰᠠᠨ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ ︾ ︵GB/T19580-2012︶ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠬᠡᠷᠡᠭᠯᠡᠬᠦ ᠠᠷᠭ᠎ᠠ᠂ ᠠᠵᠢᠯ ᠤᠨ ᠦᠷᠨᠢᠯᠳᠡ ᠪᠠ ᠬᠡᠷᠡᠭᠵᠢᠭᠦᠯᠦᠭᠰᠡᠨ ᠦᠷ᠎ᠡ ᠳ᠋ᠦᠩ ᠵᠡᠷᠭᠡ ᠭᠤᠷᠪᠠᠨ ᠲᠠᠯ᠎ᠠ ᠠᠴᠠ ᠰᠢᠯᠭᠠᠷᠠᠭᠰᠠᠨ ᠠᠮᠵᠢᠯᠲᠠ ᠪᠦᠲᠦᠮᠵᠢ ᠶᠢ ᠬᠡᠷᠡᠭᠵᠢᠭᠦᠯᠦᠭᠰᠡᠨ ᠴᠠᠭ᠂ ᠶᠠᠪᠤᠴᠠ᠂ ᠬᠢᠬᠦ ᠠᠷᠭ᠎ᠠ᠂ ᠦᠷ᠎ᠡ ᠪᠦᠲᠦᠮᠵᠢ ᠪᠠ ᠲᠤᠷᠰᠢᠯᠭ᠎ᠠ ᠶᠢ ᠪᠣᠳᠠᠲᠤ ᠬᠡᠷᠡᠭ ᠪᠠ ᠲᠤᠭ᠎ᠠ ᠪᠠᠷᠢᠮᠲᠠ ᠪᠠᠷ ᠵᠤᠷᠪᠤᠰ ᠳᠠᠷᠠᠭᠠᠯᠠᠨ ᠲᠣᠳᠣᠷᠬᠠᠶᠢᠯᠠᠨ᠎ᠠ᠃ ᠴᠢᠬᠤᠯᠠ ᠲᠠᠢ ᠦᠶ᠎ᠡ ᠳᠤ ᠬᠦᠰᠦᠨᠦᠭᠲᠦ ᠬᠡᠷᠡᠭᠯᠡᠵᠦ ᠪᠤᠯᠤᠨ᠎ᠠ᠂ ᠦᠰᠦᠭ ᠤᠨ ᠲᠤᠭ᠎ᠠ ︵ᠬᠦᠰᠦᠨᠦᠭᠲᠦ ᠶᠢ ᠪᠠᠭᠲᠠᠭᠠᠨ᠎ᠠ︶ ᠶᠢ 3 ᠲᠦᠮᠡᠨ ᠦᠰᠦᠭ ᠤᠨ ᠣᠷᠴᠢᠮ ᠢᠶᠠᠷ ᠬᠢᠵᠠᠭᠠᠷᠯᠠᠨ᠎ᠠ᠃ 4. ᠮᠡᠳᠡᠭᠦᠯᠦᠯᠳᠠ ᠶᠢᠨ ᠪᠢᠴᠢᠭ᠂ ᠭᠡᠷᠡᠴᠢᠯᠡᠬᠦ ᠴᠢᠨᠠᠷᠲᠠᠢ ᠮᠠᠲ᠋ᠧᠷᠢᠶᠠᠯ᠂ ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠶᠢ ᠡᠷᠬᠡᠪᠰᠢ A4 ᠴᠠᠭᠠᠰᠤ ᠪᠠᠷ ᠬᠡᠪᠯᠡᠵᠦ᠂ ᠨᠢᠭᠡ ᠶᠠᠩᠵᠤ ᠶᠢ 2 ᠬᠤᠪᠢ ᠳᠡᠪᠲᠡᠷᠯᠡᠵᠦ᠂ 1 ᠬᠤᠪᠢ ᠡᠯᠧᠺᠲᠷᠣᠨ ᠬᠡᠪᠯᠡᠯ ᠲᠠᠢ ᠬᠠᠮᠲᠤ ᠳᠡᠪᠲᠡᠷᠯᠡᠨ᠎ᠡ᠃ ︵ᠭᠤᠷᠪᠠ︶ ᠬᠢᠨᠠᠨ ᠲᠣᠭᠲᠠᠭᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ︽ᠭᠠᠷᠮᠠᠭᠠᠢ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ︾ ︵GB/T19580 ︱ 2012︶᠂ ︽ᠭᠠᠷᠮᠠᠭᠠᠢ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ ᠶᠢ ᠬᠡᠷᠡᠭᠵᠢᠭᠦᠯᠬᠦ ᠵᠦᠭᠯᠡᠭᠦᠷ︾ ︵GB/Z19579 ︱ 2012︶᠂ ︽ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠵᠢᠴᠢ ᠬᠠᠮᠢᠶ᠎ᠠ ᠪᠦᠬᠦᠢ ᠬᠢᠨᠠᠨ ᠲᠣᠭᠲᠠᠭᠠᠬᠤ ᠵᠢᠷᠤᠮᠵᠢᠯ ᠵᠡᠷᠭᠡ ᠶᠢ ᠦᠨᠳᠦᠰᠦᠯᠡᠨ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠢ ᠶᠢᠨ ᠲᠠᠯᠠᠪᠤᠷ ᠲᠤ ᠬᠢᠨᠠᠨ ᠲᠣᠭᠲᠠᠭᠠᠬᠤ ᠪᠠ ᠲᠣᠭᠠᠴᠢᠨ ᠮᠠᠷᠭᠤᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠬᠠᠢ ᠶᠢᠨ ᠲᠠᠯᠠᠪᠤᠷ ᠲᠤ ᠬᠢᠨᠠᠨ ᠲᠣᠭᠲᠠᠭᠠᠬᠤ᠂ ᠲᠣᠭᠠᠴᠢᠨ ᠮᠠᠷᠭᠤᠭᠰᠠᠨ ᠪᠠᠶᠢᠳᠠᠯ ᠵᠡᠷᠭᠡ ᠶᠢ ᠦᠨᠳᠦᠰᠦᠯᠡᠨ ᠶᠡᠷᠦᠩᠭᠡᠢ ᠬᠤᠪᠢ ᠲᠣᠭᠲᠠᠭᠠᠵᠤ ᠂ ᠱᠠᠩᠨᠠᠯ ᠣᠯᠭᠤᠬᠤ ᠪᠠᠷ ᠪᠠᠶᠢᠭ᠎ᠠ ᠵᠢᠱᠢᠭᠳᠡᠭᠰᠡᠳ ᠤᠨ ᠨᠡᠷᠡᠰ ᠢ ᠳᠤᠷᠠᠳᠤᠨ ᠭᠠᠷᠭᠠᠵᠤ᠂ ᠤᠳᠤᠷᠢᠳᠬᠤ ᠳᠤᠭᠤᠶᠢᠯᠠᠩ ᠳᠤ ᠳᠡᠪᠰᠢᠭᠦᠯᠦᠨ ᠬᠢᠨᠠᠨ ᠵᠥᠪᠯᠡᠭᠦᠯᠦᠨ᠎ᠡ᠃ ︵ᠳᠥᠷᠪᠡ︶ ᠢᠯᠡ ᠨᠡᠶᠢᠲᠡᠯᠡᠨ᠎ᠡ᠃ ᠤᠳᠤᠷᠢᠳᠬᠤ ᠳᠤᠭᠤᠶᠢᠯᠠᠩ ᠠᠴᠠ ᠬᠢᠨᠠᠨ ᠵᠥᠪᠯᠡᠵᠦ ᠪᠠᠲᠤᠯᠠᠭᠰᠠᠨ ᠤ ᠳᠠᠷᠠᠭ᠎ᠠ ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠱᠠᠩᠨᠠᠯ ᠣᠯᠭᠤᠬᠤ ᠪᠠᠷ ᠪᠠᠶᠢᠭ᠎ᠠ ᠨᠢᠭᠡᠴᠢ ᠶᠢᠨ ᠠᠵᠤ ᠠᠬᠤᠶᠢᠯᠠᠯ ᠤᠨ ᠨᠡᠷᠡᠰ ᠢ ᠨᠡᠶᠢᠭᠡᠮ ᠨᠡᠶᠢᠲᠡ ᠳᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 7 ᠠᠵᠢᠯᠯᠠᠬᠤ ᠡᠳᠦᠷ ᠪᠣᠯᠣᠨ᠎ᠠ᠃ ︵ᠲᠠᠪᠤ︶ ᠬᠥᠬᠢᠭᠦᠯᠦᠨ ᠰᠠᠶᠢᠰᠢᠶᠠᠨ᠎ᠡ᠃ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠠᠨ ᠰᠠᠶᠢᠰᠢᠶᠠᠨ ᠬᠥᠬᠢᠭᠦᠯᠵᠦ᠂ ᠱᠠᠩᠨᠠᠯ ᠤᠨ ᠦᠨᠡᠮᠯᠡᠯ ᠣᠯᠭᠤᠨ᠎ᠠ᠃ ᠲᠠᠪᠤ᠂ ᠠᠵᠢᠯ ᠤᠨ ᠱᠠᠭᠠᠷᠳᠠᠯᠭ᠎ᠠ ︵ᠨᠢᠭᠡ︶ ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠬᠠᠮᠤᠭ ᠤᠨ ᠳᠡᠭᠡᠳᠦ ᠶᠠᠰᠤ ᠴᠢᠨᠠᠷ ᠤᠨ ᠢᠷᠠᠭᠤ ᠠᠯᠳᠠᠷ ᠤᠨ ᠱᠠᠩᠨᠠᠯ ᠪᠣᠯᠣᠨ᠎ᠠ᠂ ᠡᠭᠦᠨ ᠳᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠪᠠ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ ᠱᠠᠩᠨᠠᠯ ᠭᠡᠵᠦ ᠬᠤᠪᠢᠶᠠᠵᠤ᠂ ᠰᠢᠯᠭᠠᠷᠠᠭᠤᠯᠬᠤ ᠦᠶᠡᠯᠡᠯ ᠤᠨ ᠬᠤᠭᠤᠴᠠᠭ᠎ᠠ ᠨᠢ 2 ᠵᠢᠯ ᠪᠣᠯᠣᠨ᠎ᠠ᠃ ᠡᠭᠦᠨ ᠳᠤ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠣᠯᠭᠤᠬᠤ ᠶᠡᠷᠦᠩᠬᠡᠢ ᠲᠤᠭ᠎ᠠ ᠨᠢ 3᠂ ᠨᠡᠷ᠎ᠡ ᠳᠤᠷᠠᠳᠤᠭᠰᠠᠨ ᠱᠠᠩᠨᠠᠯ ᠣᠯᠭᠤᠬᠤ ᠶᠡᠷᠦᠩᠬᠡᠢ ᠲᠤᠭ᠎ᠠ ᠨᠢ 2᠂ ᠬᠦᠴᠦᠨ ᠲᠠᠢ ᠬᠤᠭᠤᠴᠠᠭ᠎ᠠ ᠨᠢ 3 ᠵᠢᠯ ᠪᠣᠯᠣᠨ᠎ᠠ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠨᠦᠭᠦᠳ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠶᠡᠷᠦᠩᠬᠡᠢ ᠬᠡᠮᠵᠢᠶ᠎ᠡ ᠶᠢ ᠡᠵᠡᠮᠳᠡᠬᠦ᠂ ᠰᠠᠶᠢᠨ ᠤ ᠳᠣᠲᠣᠷ᠎ᠠ ᠠᠴᠠ ᠰᠢᠯᠢᠳᠡᠭ ᠢ ᠰᠣᠩᠭᠤᠬᠤ ᠵᠠᠷᠴᠢᠮ ᠢ ᠪᠠᠷᠢᠮᠲᠠᠯᠠᠨ᠂ ᠮᠡᠳᠡᠭᠦᠯᠦᠭᠰᠡᠨ ᠮᠠᠲ᠋ᠧᠷᠢᠶᠠᠯ ᠢ ᠴᠢᠩᠭ᠎ᠠ ᠬᠢᠨᠠᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠠᠢ᠂ ᠮᠠᠲ᠋ᠧᠷᠢᠶᠠᠯ ᠤᠨ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ︵ᠬᠤᠶᠠᠷ︶ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠯᠣᠭᠤᠳᠤᠯᠭ᠎ᠠ ᠪᠠᠨ ᠴᠢᠩᠭᠠᠳᠬᠠᠵᠤ᠂ ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠶᠢ ᠥᠷᠭᠡᠨ ᠢᠶᠠᠷ ᠤᠬᠠᠭᠤᠯᠵᠤ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠴᠢᠷᠮᠠᠶᠢᠨ ᠡᠭᠦᠳᠬᠦ ᠶᠢ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠭᠤᠣᠯ ᠠᠷᠭ᠎ᠠ ᠬᠡᠮᠵᠢᠶ᠎ᠡ ᠪᠣᠯᠭᠠᠵᠤ᠂ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠤᠬᠠᠭᠤᠯᠭ᠎ᠠ ᠶᠢ ᠴᠢᠩᠭᠠᠳᠬᠠᠨ᠂ ᠶᠠᠰᠤ ᠴᠢᠨᠠᠷ ᠤᠨ ᠬᠡᠪ ᠳᠠᠭᠤᠷᠢᠶᠠᠯ ᠢ ᠪᠣᠶ ᠪᠣᠯᠭᠠᠵᠤ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠡᠷᠢᠭᠦᠨ ᠤ ᠵᠣᠬᠢᠶᠠᠨ ᠪᠠᠶᠢᠭᠤᠯᠤᠯᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠳᠤ ᠢᠳᠡᠪᠬᠢᠲᠡᠢ ᠳᠠᠶᠢᠴᠢᠯᠠᠬᠤ ᠪᠠ ᠲᠠᠨᠢᠯᠴᠠᠭᠤᠯᠬᠤ ᠬᠡᠷᠡᠭᠳᠡᠢ᠃︵ᠭᠤᠷᠪᠠ︶ ᠭᠤᠶᠤᠴᠢᠯᠠᠨ ᠮᠡᠳᠡᠭᠦᠯᠬᠦ ᠵᠣᠬᠢᠶᠠᠨ ᠪᠠᠶᠢᠭᠤᠯᠤᠯᠲᠠ ᠨᠢ ᠱᠠᠩᠨᠠᠯ ᠡᠭᠦᠳᠬᠦ ᠶᠠᠪᠤᠴᠠ ᠶᠢᠨ ᠦᠢᠯᠡᠳᠦᠯᠭᠡ ᠶᠢ ᠴᠢᠬᠤᠯᠠᠴᠢᠯᠠᠵᠤ᠂ ᠭᠠᠷᠮᠠᠭᠠᠢ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ᠂ ᠱᠠᠩᠨᠠᠯ ᠡᠭᠦᠳᠬᠦ ᠠᠵᠢᠯᠯᠠᠭ᠎ᠠ ᠪᠠᠷ ᠳᠠᠮᠵᠢᠭᠤᠯᠤᠨ᠂ ᠵᠣᠬᠢᠶᠠᠨ ᠪᠠᠶᠢᠭᠤᠯᠤᠯᠲᠠ ᠵᠢᠴᠢ ᠠᠵᠢᠯᠲᠠᠨ ᠠᠵᠢᠯᠴᠢᠨ ᠤ ᠶᠠᠰᠤ ᠴᠢᠨᠠᠷ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠠᠰᠤ ᠴᠢᠨᠠᠷ ᠤᠨ ᠶᠡᠷᠦᠩᠬᠡᠢ ᠬᠢᠷᠢ ᠬᠡᠮᠵᠢᠶ᠎ᠡ ᠪᠠᠷ ᠵᠣᠬᠢᠶᠠᠨ ᠪᠠᠶᠢᠭᠤᠯᠤᠯᠲᠠ ᠶᠢᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠮᠡᠳᠡᠭᠦᠯᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠦᠶᠯᠡ ᠠᠵᠢᠯᠯᠠᠭ᠎ᠠ ᠲᠠᠢ ᠪᠠᠶᠢᠬᠤ ᠵᠣᠬᠢᠶᠠᠨ ᠪᠠᠶᠢᠭᠤᠯᠤᠯᠲᠠ ᠶᠢ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠮᠡᠳᠡᠭᠦᠯᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃ ᠬᠠᠷᠢᠯᠴᠠᠬᠤ ᠬᠥᠮᠥᠨ᠄ ᠵᠧᠩ ᠱᠣᠸ ᠬᠤᠸᠠ᠂ ᠵᠠᠩ ᠶᠠ ᠯᠢ ᠬᠠᠷᠢᠯᠴᠠᠬᠤ ᠤᠲᠠᠰᠤ᠄ 0474-8324689 ᠢᠮᠧᠯ᠄ wlcbzlfzk@163.com ᠬᠠᠷᠢᠯᠴᠠᠬᠤ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠴᠠᠬᠠᠷ ᠪᠠᠷᠠᠭᠤᠨ ᠵᠡᠭᠡᠯᠢ ᠶᠢᠨ 25 ᠳ᠋ᠤᠭᠠᠷ ᠨᠣᠮᠧᠷ ᠰᠢᠤᠳᠠᠨ ᠳ᠋ᠤᠭᠠᠷ᠄ 012000                   ᠤᠯᠠᠭᠠᠨᠴᠠᠪ ᠬᠤᠲᠠ ᠶᠢᠨ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ                                                  2023 ᠣᠨ ᠤ 11 ᠰᠠᠷ᠎ᠠ ᠶᠢᠨ 14
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2