| ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 8 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ | ᠠᠵᠢᠯ ᠳᠤ ᠴᠢᠬᠤᠯᠠ ᠵᠢᠭᠠᠪᠤᠷᠢ ᠥᠭᠬᠦ ᠳᠡᠭᠡᠨ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ | ᠨᠠᠮ ᠤᠨ ᠠᠯᠤᠰ ᠢᠷᠡᠭᠡᠳᠦᠢ ᠬᠤᠪᠢ ᠵᠠᠶᠠᠭ᠎ᠠ ᠲᠠᠢ ᠬᠤᠯᠪᠣᠭᠳᠠᠵᠤ᠂ ᠤᠯᠤᠰ ᠤᠨ ᠥᠨᠢ ᠤᠳᠠᠭᠠᠨ ᠠᠮᠤᠷ | ᠲᠣᠭᠲᠠᠭᠤᠨ ᠲᠠᠢ ᠬᠤᠯᠪᠣᠭᠳᠠᠵᠤ᠂ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠲᠥᠪᠯᠡᠷᠡᠩᠭᠦᠢ ᠬᠦᠴᠦᠨ ᠲᠠᠢ | ᠬᠤᠯᠪᠣᠭᠳᠠᠳᠠᠭ ᠲᠦᠢᠯ ᠤᠨ ᠴᠢᠬᠤᠯᠠ ᠠᠵᠢᠯ ᠮᠥᠨ᠃ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ | ᠨᠠᠭᠠᠰᠢ᠂ ᠨᠠᠮ ᠤᠨ ᠲᠥᠪ ᠬᠤᠷᠢᠶ᠎ᠠ ᠪᠦᠭᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠰᠢᠰᠲ᠋ᠧᠮ ᠲᠠᠢ ᠲᠥᠯᠦᠪᠵᠢᠭᠦᠯᠭᠡ ᠪᠠ ᠪᠠᠶᠢᠷᠢᠯᠠᠭᠤᠯᠤᠯᠲᠠ | ᠬᠢᠵᠦ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠦᠢᠯᠡᠰ ᠤᠨ ᠲᠡᠦᠬᠡᠲᠦ | ᠴᠢᠨᠠᠷᠲᠠᠢ ᠠᠮᠵᠢᠯᠲᠠ ᠣᠯᠬᠤ ᠶᠢ ᠠᠬᠢᠭᠤᠯᠵᠤ᠂ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠪᠠᠶᠢᠳᠠᠯ ᠳᠤ | ᠪᠦᠭᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ ᠬᠤᠪᠢᠷᠠᠯᠲᠠ ᠭᠠᠷᠴᠤ᠂ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠢᠯᠡᠳᠲᠡ ᠴᠢᠩᠭᠠᠷᠠᠵᠤ᠂ ᠤᠶᠤᠨ | ᠰᠠᠨᠠᠭᠠᠨ ᠤ ᠳᠦᠷᠰᠦ ᠪᠠᠶᠢᠳᠠᠯ ᠨᠡᠩ ᠴᠤᠭ ᠪᠠᠳᠠᠷᠠᠩᠭᠤᠢ ᠪᠣᠯᠵᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ | ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠳᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ | ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠳᠤ ᠰᠢᠨ᠎ᠡ ᠪᠠᠶᠢᠳᠠᠯ ᠰᠢᠨ᠎ᠡ ᠡᠭᠦᠷᠭᠡ ᠲᠤᠯᠭᠠᠷᠠᠵᠤ ᠪᠠᠶᠢᠨ᠎ᠠ᠂ ᠡᠷᠬᠡᠪᠰᠢ ᠰᠢᠨ᠎ᠡ ᠳᠦᠷᠰᠦ | ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠰᠢᠨ᠎ᠡ ᠶᠢ | ᠡᠭᠦᠳᠦᠭᠰᠡᠨ ᠣᠨᠣᠯ ᠢᠶᠠᠷ ᠪᠦᠭᠦ ᠨᠠᠮ ᠢ ᠵᠡᠪᠰᠡᠭᠯᠡᠬᠦ᠂ ᠠᠷᠠᠳ ᠲᠦᠮᠡᠨ ᠢ ᠬᠥᠮᠥᠵᠢᠭᠦᠯᠬᠦ ᠡᠨᠡ ᠬᠦ ᠲᠡᠷᠢᠭᠦᠨ ᠴᠢᠬᠤᠯᠠ | ᠤᠯᠤᠰ ᠲᠥᠷᠥ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠦᠬᠡ ᠶᠢᠨ ᠰᠢᠨ᠎ᠡ ᠭᠠᠷᠤᠭ᠎ᠠ ᠳᠤ | ᠰᠣᠶᠣᠯ ᠤᠨ ᠴᠡᠴᠡᠭᠯᠡᠯᠲᠡ ᠶᠢ ᠦᠷᠭᠦᠯᠵᠢᠯᠡᠨ ᠠᠬᠢᠭᠤᠯᠬᠤ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠡᠨᠡ ᠬᠦ | ᠰᠣᠶᠣᠯ ᠤᠨ ᠰᠢᠨ᠎ᠡ ᠡᠭᠦᠷᠭᠡ ᠲᠠᠢ ᠤᠶᠠᠯᠳᠤᠭᠤᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠭᠡᠭᠡᠯᠲᠡᠲᠡᠢ | ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ | ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠬᠦᠴᠦᠯᠡᠨ | ᠴᠢᠩᠭᠠᠳᠬᠠᠵᠤ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠨᠡᠶᠢᠭᠡᠮ | ᠵᠢᠷᠤᠮ ᠤᠨ ᠦᠵᠡᠯ ᠤᠬᠠᠮᠰᠠᠷ ᠤᠨ ᠭᠡᠯᠪᠡᠷᠢ ᠶᠢ ᠬᠦᠴᠦᠯᠡᠨ ᠪᠠᠶᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ | ᠥᠷᠲᠡᠭ ᠤᠨ ᠦᠵᠡᠯᠲᠡ ᠶᠢ ᠬᠦᠴᠦᠯᠡᠨ ᠪᠤᠶᠢᠵᠢᠭᠤᠯᠵᠤ ᠦᠢᠯᠡᠳᠦᠯᠭᠡᠵᠢᠭᠦᠯᠦᠨ᠂ ᠰᠣᠨᠢᠨ ᠮᠡᠳᠡᠭᠡ ᠶᠠᠷᠢᠶ᠎ᠠ | ᠬᠡᠯᠡᠯᠴᠡᠭᠡᠨ ᠤ ᠳᠠᠮᠵᠢᠭᠤᠯᠬᠤ ᠬᠦᠴᠦᠨ ᠳᠠᠭᠠᠭᠤᠯᠬᠤ ᠬᠦᠴᠦᠨ ᠨᠥᠯᠥᠭᠡᠯᠡᠬᠦ ᠬᠦᠴᠦᠨ ᠢᠲᠡᠭᠡᠭᠦᠯᠬᠦ ᠬᠦᠴᠦᠨ ᠢ | ᠬᠦᠴᠦᠯᠡᠨ ᠳᠡᠭᠡᠭᠰᠢᠯᠡᠭᠦᠯᠵᠥ᠂ ᠳᠤᠮᠳᠠᠳᠤ ᠶᠢᠨ ᠰᠣᠶᠣᠯ ᠢ ᠬᠦᠴᠦᠯᠡᠨ ᠵᠠᠯᠭᠠᠮᠵᠢᠯᠠᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠪᠠ ᠰᠢᠨ᠎ᠡ ᠶᠢ ᠡᠭᠦᠳᠬᠦ ᠴᠢᠨᠠᠷᠲᠠᠢ | ᠬᠥᠭᠵᠢᠯᠲᠡ ᠶᠢ ᠠᠬᠢᠭᠤᠯᠵᠤ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠴᠡᠴᠡᠭᠯᠡᠨ ᠬᠥᠭᠵᠢᠬᠦ ᠶᠢ | ᠬᠦᠴᠦᠯᠡᠨ ᠠᠬᠢᠭᠤᠯᠵᠤ᠂ ᠳᠡᠯᠡᠬᠡᠢ ᠳᠠᠬᠢ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠪᠣᠯᠪᠠᠰᠤᠨ ᠤ ᠰᠣᠯᠢᠯᠴᠠᠭ᠎ᠠ ᠲᠣᠯᠢᠯᠠᠯᠲᠠ ᠶᠢ ᠠᠬᠢᠭᠤᠯᠵᠤ᠂ ᠪᠦᠭᠦ ᠦᠨᠳᠦᠰᠦᠲᠡᠨ ᠤ ᠰᠣᠶᠣᠯ ᠤᠨ | ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠂ ᠪᠦᠭᠦ ᠨᠠᠮ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ | ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠤᠯᠤᠰ ᠤᠨ ᠰᠣᠶᠣᠯ ᠤᠨ ᠵᠥᠭᠡᠯᠡᠨ ᠪᠣᠳᠠᠲᠤ | ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠥ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠦᠵᠡᠯ | ᠰᠠᠨᠠᠭᠠᠨ ᠤ ᠪᠠᠲᠤᠯᠠᠭ᠎ᠠ᠂ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ᠂ ᠰᠣᠶᠣᠯ ᠤᠨ ᠠᠰᠢᠭᠲᠠᠢ ᠨᠥᠬᠦᠴᠡᠯ | ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠶᠢ ᠴᠢᠬᠤᠯᠠ ᠶᠡᠭᠡ ᠤᠯᠤᠰ ᠲᠦᠷᠦ ᠶᠢᠨ | ᠬᠠᠷᠢᠭᠤᠴᠠᠯᠭ᠎ᠠ ᠪᠣᠯᠭᠠᠨ ᠡᠭᠦᠷᠭᠡᠯᠡᠵᠦ᠂ ᠰᠣᠶᠣᠯ ᠤᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠡᠯ᠎ᠡ ᠱᠠᠲᠤᠨ ᠤ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠡᠭᠦᠷᠭᠡᠯᠡᠯ ᠢᠶᠠᠨ ᠴᠢᠩᠭᠠᠳᠬᠠᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠵᠣᠷᠢᠭᠲᠠᠢ ᠪᠠᠷ | ᠴᠢᠳᠠᠮᠠᠭᠠᠢ ᠲᠡᠮᠡᠴᠡᠵᠦ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ | ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ 10 ᠰᠠᠷ᠎ᠠ ᠶᠢᠨ | 7 ᠠᠴᠠ 8 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ | ᠵᠢᠭᠠᠪᠤᠷᠢ ᠶᠢ ᠤᠯᠠᠮᠵᠢᠯᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ | ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠥᠨᠳᠥᠷ ᠲᠤ ᠵᠣᠭᠰᠣᠨ | ᠠᠯᠤᠰ ᠢ ᠪᠡᠷᠡᠯᠡᠵᠦ᠂ ᠰᠣᠳᠣ ᠮᠡᠷᠭᠡᠨ ᠪᠥᠭᠡᠳ ᠭᠦᠨ ᠭᠦᠨᠵᠡᠭᠡᠢ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ | ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠡᠷᠬᠡᠪᠰᠢ | ᠭᠦᠨᠵᠡᠭᠡᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠤᠷᠲᠠᠯ ᠤᠬᠠᠭᠤᠯᠭ᠎ᠠ ᠦᠵᠡᠯ | ᠰᠠᠨᠠᠭ᠎ᠠ ᠰᠣᠶᠣᠯ ᠤᠨ ᠠᠵᠢᠯ ᠲᠡᠦᠬᠡᠲᠦ ᠴᠢᠨᠠᠷᠲᠠᠢ ᠠᠮᠵᠢᠯᠲᠠ ᠣᠯᠣᠭᠰᠠᠨ ᠤ ᠬᠠᠮᠤᠭ ᠤᠨ ᠦᠨᠳᠦᠰᠦᠨ ᠵᠦᠢᠯ ᠪᠣᠯ | ᠳᠠᠷᠤᠢ ᠶᠡᠷᠦᠩᠬᠡᠢ ᠱᠦᠵᠢ ᠰᠢ ᠶᠢᠨ ᠫᠢᠩ ᠠᠶᠠᠯᠠᠯ ᠢ ᠵᠢᠯᠣᠭᠤᠳᠤᠨ ᠵᠠᠯᠠᠭᠤᠷ ᠢ ᠠᠳᠬᠤᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠲᠠᠢ ᠪᠠᠶᠢᠬᠤ ᠳᠤ ᠪᠤᠢ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ | ᠰᠢᠨ᠎ᠡ ᠨᠤᠲᠠᠯᠠᠯᠲᠠ ᠶᠢᠨ ᠠᠭᠤᠯᠤᠭᠳᠠᠬᠤᠨ ᠨᠢ ᠲᠦᠢᠯ ᠤᠨ ᠪᠠᠶᠠᠯᠢᠭ᠂ ᠥᠭᠦᠯᠡᠯᠲᠡ ᠨᠢ ᠲᠦᠢᠯ ᠤᠨ ᠭᠦᠨᠵᠡᠭᠡᠢ | ᠪᠠᠶᠢᠵᠤ᠂ ᠰᠢᠨ᠎ᠡ ᠴᠠᠭ ᠦᠶ᠎ᠡ ᠶᠢᠨ ᠨᠠᠮ ᠠᠴᠠ ᠰᠣᠶᠣᠯ ᠤᠨ ᠪᠠᠶᠢᠭᠤᠯᠤᠯᠲᠠ ᠶᠢ ᠤᠳᠤᠷᠢᠳᠤᠭᠰᠠᠨ ᠦᠢᠯᠡᠳᠦᠯᠭᠡ ᠶᠢᠨ | ᠲᠤᠷᠰᠢᠯᠭ᠎ᠠ ᠶᠢᠨ ᠤᠨᠤᠯ ᠤᠨ ᠳ᠋ᠦᠩᠨᠡᠯᠲᠡ ᠪᠠᠶᠢᠵᠤ᠂ ᠮᠠᠷᠺᠰ ᠤᠨ ᠦᠵᠡᠯ ᠤᠨ ᠰᠣᠶᠣᠯ ᠤᠨ ᠤᠨᠤᠯ ᠢ | ᠪᠠᠶᠠᠯᠢᠭᠵᠢᠭᠤᠯᠤᠨ ᠬᠥᠭᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠣᠶᠣᠯ ᠤᠨ ᠬᠠᠭᠤᠳᠠᠰᠤ ᠶᠢ ᠪᠦᠷᠢᠯᠳᠦᠭᠦᠯᠵᠦ᠂ ᠰᠢ ᠶᠢᠨ | ᠫᠢᠩ ᠤᠨ ᠰᠣᠶᠣᠯ ᠤᠨ ᠦᠵᠡᠯ ᠰᠠᠨᠠᠭ᠎ᠠ ᠶᠢ ᠪᠦᠷᠢᠯᠳᠦᠭᠦᠯᠵᠡᠢ ᠭᠡᠵᠦ ᠦᠵᠡᠪᠡ᠃ | ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠳᠤ ᠰᠣᠶᠣᠯ ᠤᠨ ᠤᠨᠤᠯ ᠤᠨ | ᠦᠵᠡᠯᠲᠡ ᠶᠢᠨ ᠲᠠᠯ᠎ᠠ ᠪᠠᠷ ᠬᠢ ᠰᠢᠨ᠎ᠡ ᠡᠭᠦᠳᠦᠯᠲᠡ ᠪᠠ ᠰᠢᠪᠲᠤᠯᠤᠯᠲᠠ ᠲᠠᠢ ᠪᠣᠯᠤᠭᠰᠠᠨ ᠪᠥᠭᠡᠳ ᠪᠠᠰᠠ | ᠰᠣᠶᠣᠯ ᠤᠨ ᠠᠵᠢᠯ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ ᠬᠢ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠪᠠᠶᠢᠵᠤ᠂ | ᠲᠥᠪ ᠶᠣᠰᠣ ᠬᠢᠭᠡᠳ ᠶᠢᠷᠲᠢᠨᠴᠦ ᠶᠢ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠤᠨ᠂ ᠮᠥᠨ ᠴᠢᠨᠠᠷ ᠪᠠ ᠢᠯᠡᠷᠡᠯ ᠢ | ᠨᠡᠪᠲᠡᠷᠡᠯᠴᠡᠭᠦᠯᠵᠦ᠂ ᠰᠢᠨ᠎ᠡ ᠴᠠᠭ ᠦᠶ᠎ᠡ ᠶᠢᠨ ᠰᠣᠶᠣᠯ ᠤᠨ ᠪᠠᠶᠢᠭᠤᠯᠤᠯᠲᠠ ᠶᠢᠨ ᠵᠠᠮ ᠱᠤᠭᠤᠮ ᠤᠨ ᠵᠢᠷᠤᠭ ᠪᠠ | ᠡᠭᠦᠷᠭᠡ ᠶᠢᠨ ᠪᠢᠴᠢᠭ ᠢ ᠲᠣᠳᠣᠷᠬᠠᠶᠢᠯᠠᠵᠤ᠂ ᠮᠠᠨ ᠤ ᠨᠠᠮ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠰᠣᠶᠣᠯ ᠤᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠥᠨᠳᠥᠷᠴᠡ ᠳᠤ | ᠭᠦᠷᠦᠭᠰᠡᠨ ᠢ ᠬᠠᠷᠠᠭᠤᠯᠵᠤ᠂ ᠮᠠᠨ ᠤ ᠨᠠᠮ ᠤᠨ ᠲᠡᠦᠬᠡᠨ ᠢᠲᠡᠭᠡᠯ᠂ ᠰᠣᠶᠣᠯ ᠤᠨ ᠢᠲᠡᠭᠡᠯ ᠰᠢᠨ᠎ᠡ ᠥᠨᠳᠥᠷᠴᠡ ᠳᠤ | ᠭᠦᠷᠦᠭᠰᠡᠨ ᠢ ᠲᠣᠳᠣᠷᠬᠠᠶᠢᠯᠠᠭᠰᠠᠨ ᠪᠥᠭᠡᠳ ᠮᠠᠨ ᠤ ᠤᠯᠤᠰ ᠤᠨ ᠨᠡᠶᠢᠭᠡᠮ ᠵᠢᠷᠤᠮ ᠤᠨ ᠰᠣᠶᠣᠯ ᠤᠨ | ᠪᠠᠶᠢᠭᠤᠯᠤᠯᠲᠠ ᠶᠢᠨ ᠳᠤᠮᠳᠠ ᠬᠦᠴᠦᠷᠬᠡᠭ ᠶᠡᠭᠡ ᠠᠤᠭ᠎ᠠ ᠬᠦᠴᠦᠨ ᠢ ᠢᠯᠡᠷᠡᠭᠦᠯᠵᠦ᠂ ᠰᠢᠨ᠎ᠡ ᠴᠠᠭ ᠦᠶ᠎ᠡ ᠰᠢᠨ᠎ᠡ | ᠠᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠵᠦ᠂ ᠰᠣᠶᠣᠯ ᠤᠨ ᠰᠢᠨ᠎ᠡ | ᠡᠭᠦᠷᠭᠡ ᠶᠢ ᠡᠭᠦᠷᠭᠡᠯᠡᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨ ᠤ | ᠠᠵᠢᠯᠯᠠᠭᠠᠨ ᠤ ᠵᠦᠭᠯᠡᠭᠦᠷ ᠬᠠᠩᠭᠠᠪᠠ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯ ᠨᠢᠭᠡᠨ ᠲᠠᠰᠤᠷᠠᠯᠳᠠ | ᠦᠭᠡᠢ ᠥᠷᠨᠢᠵᠦ ᠪᠠᠶᠢᠭ᠎ᠠ᠂ ᠨᠡᠭᠡᠭᠡᠯᠲᠡᠲᠤ ᠮᠠᠶ᠋ᠢᠭ ᠤᠨ ᠦᠵᠡᠯ ᠰᠠᠨᠠᠭᠠᠨ ᠤ ᠰᠢᠰᠲ᠋ᠧᠮ ᠮᠥᠨ᠂ ᠦᠢᠯᠡᠳᠦᠯᠭᠡ ᠶᠢᠨ | ᠭᠦᠨᠵᠡᠭᠡᠶᠢᠷᠡᠬᠦ ᠶᠢ ᠳᠠᠭᠠᠯᠳᠤᠨ ᠲᠠᠰᠤᠷᠠᠯᠳᠠ ᠦᠭᠡᠢ ᠪᠠᠶᠠᠯᠢᠭᠵᠢᠨ ᠬᠥᠭᠵᠢᠬᠦ ᠨᠢ ᠯᠠᠪᠲᠠᠢ ᠶᠤᠮ᠃ ︽ᠬᠤᠶᠠᠷ ᠢ | ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠬᠤ᠂ ᠰᠤᠳᠤᠯᠬᠤ᠂ | ᠲᠣᠳᠣᠷᠬᠠᠶᠢᠯᠠᠨ ᠲᠠᠶᠢᠯᠪᠤᠷᠢᠯᠠᠬᠤ ᠪᠠᠨ ᠦᠷᠭᠦᠯᠵᠢᠯᠡᠨ ᠴᠢᠩᠭᠠᠳᠬᠠᠬᠤ ᠪᠥᠭᠡᠳ ᠤᠬᠠᠮᠰᠠᠷ ᠠᠴᠠ ᠪᠠᠨ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠯ᠎ᠡ ᠲᠠᠯ᠎ᠠ ᠪᠠ ᠪᠦᠭᠦ ᠶᠠᠪᠤᠴᠠ ᠳᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠳᠤᠷᠠᠳᠪᠠ᠃ | ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ | ᠨᠢᠭᠲᠠ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠣᠶᠣᠯ ᠤᠨ ᠪᠠᠶᠢᠭᠤᠯᠤᠯᠲᠠ ᠶᠢᠨ ᠲᠤᠬᠠᠢ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠲᠣᠭᠤᠷᠢᠨ ᠳᠤ᠂ ᠰᠢᠨ᠎ᠡ ᠴᠠᠭ ᠦᠶ᠎ᠡ | ᠰᠢᠨ᠎ᠡ ᠠᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ | ᠰᠡᠳᠬᠢᠯᠭᠡ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ | ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠨᠡᠨ ᠬᠦ ᠰᠤᠷᠤᠯᠴᠠᠵᠤ | ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠬᠦ᠂ ᠭᠦᠨᠵᠡᠭᠡᠶᠢᠷᠡᠭᠦᠯᠬᠦ ᠬᠠᠳᠠᠩᠰᠢᠭᠤᠯᠬᠤ | ᠬᠤᠪᠢᠷᠠᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠭᠤᠣᠯ | ᠤᠷᠤᠰᠬᠠᠯ ᠪᠤᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠢᠲᠡᠭᠡᠯ | ᠵᠣᠷᠢᠭ ᠢᠶᠠᠨ ᠪᠠᠲᠤᠳᠬᠠᠬᠤ ᠪᠠᠷ ᠭᠤᠣᠯᠳᠠᠯᠭ᠎ᠠ ᠪᠣᠯᠭᠠᠨ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ | ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠨᠡᠶᠢᠭᠡᠮ ᠵᠢᠷᠤᠮ ᠤᠨ | ᠭᠤᠣᠯᠯᠠᠭᠴᠢ ᠥᠷᠲᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠵᠦ᠂ ᠣᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠵᠢᠯ ᠢ ᠰᠠᠶᠢᠵᠢᠷᠠᠭᠤᠯᠤᠨ ᠰᠢᠨ᠎ᠡ ᠶᠢ ᠡᠭᠦᠳᠬᠦ ᠬᠡᠷᠡᠭᠲᠡᠢ᠃ ᠰᠣᠶᠣᠯ ᠤᠨ ᠦᠢᠯᠡᠰ ᠪᠠ | ᠰᠣᠶᠣᠯ ᠤᠨ ᠠᠵᠤ ᠦᠢᠯᠡᠰ ᠤᠨ ᠴᠡᠴᠡᠭᠯᠡᠯ ᠬᠥᠭᠵᠢᠯ ᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠠᠬᠢᠭᠤᠯᠬᠤ ᠬᠡᠷᠡᠭᠲᠡᠢ᠃ ᠭᠠᠳᠠᠭᠠᠳᠤ ᠤᠬᠠᠭᠤᠯᠭ᠎ᠠ ᠶᠢᠨ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠪᠣᠯᠪᠠᠰᠤᠨ ᠤ ᠳᠠᠮᠵᠢᠭᠤᠯᠬᠤ ᠬᠦᠴᠦᠨ ᠨᠥᠯᠥᠭᠡᠯᠡᠬᠦ | ᠬᠦᠴᠦᠨ ᠢ ᠴᠢᠩᠭᠠᠷᠠᠭᠤᠯᠬᠤ ᠬᠡᠷᠡᠭᠲᠡᠢ᠃ ᠦᠵᠡᠯ ᠤᠬᠠᠮᠰᠠᠷ ᠤᠨ ᠭᠡᠯᠪᠡᠷᠢ ᠶᠢᠨ ᠠᠶᠤᠯ ᠲᠦᠭᠰᠢᠭᠦᠷᠢ ᠶᠢ ᠡᠷᠡᠰ | ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠵᠣᠷᠢᠭᠲᠠᠢ ᠪᠠᠷ ᠬᠤᠷᠴᠠ ᠰᠡᠯᠡᠮ᠎ᠡ ᠭᠠᠷᠭᠠᠵᠤ᠂ ᠵᠣᠷᠢᠭᠲᠠᠢ ᠪᠠᠷ ᠲᠡᠮᠡᠴᠡᠬᠦ | ᠬᠡᠷᠡᠭᠲᠡᠢ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ | ᠺᠠᠳ᠋ᠷ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠰᠣᠶᠣᠯ ᠤᠨ ᠰᠢᠨ᠎ᠡ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠬᠦ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠡᠭᠦᠷᠭᠡ ᠶᠢᠨ ᠱᠠᠭᠠᠷᠳᠠᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠢᠯ ᠤᠨ ᠶᠠᠰᠤ | ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠲᠡᠮᠡᠴᠡᠯ | ᠪᠠ ᠦᠢᠯᠡᠳᠦᠯᠭᠡ ᠶᠢᠨ ᠳᠤᠮᠳᠠ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠤᠬᠠᠭᠤᠯᠬᠤ | ᠬᠡᠯᠲᠡᠰ ᠤᠨ ᠳᠠᠷᠤᠭ᠎ᠠ ᠯᠢ ᠱᠣ᠋ ᠯᠧᠢ ᠠᠵᠢᠯ ᠤᠨ ᠪᠠᠶᠢᠷᠢᠯᠠᠭᠤᠯᠤᠯᠲᠠ ᠬᠢᠵᠡᠢ᠃ | ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠠᠷᠠᠳ ᠤᠨ ᠡᠳᠦᠷ ᠤᠨ ᠰᠣᠨᠢᠨ ᠤ | ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠪᠡᠭᠡᠵᠢᠩ ᠬᠤᠲᠠ ᠶᠢᠨ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ ᠤᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | ᠲᠢᠶᠧ ᠨᠢᠩ᠂ ᠱᠧᠨ ᠢ ᠴᠢᠨ ᠬᠤᠷᠠᠯ ᠳᠤ ᠣᠷᠣᠯᠴᠠᠵᠠᠢ᠃ | ᠲᠥᠪ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ᠂ ᠡᠯ᠎ᠡ ᠮᠤᠵᠢ ᠣᠷᠣᠨ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠲᠠ᠂ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠰᠤᠷᠲᠠᠯ ᠤᠬᠠᠭᠤᠯᠭ᠎ᠠ ᠰᠣᠶᠣᠯ ᠤᠨ | ᠰᠢᠰᠲ᠋ᠧᠮ ᠤᠨ ᠡᠯ᠎ᠡ ᠨᠢᠭᠡᠴᠢ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠬᠡᠰᠡᠭ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠬᠤᠷᠠᠯ ᠳᠤ ᠣᠷᠣᠯᠴᠠᠵᠠᠢ᠃ |