ᠠᠷᠪᠠᠨ ᠳᠥᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠳᠠᠮᠢᠷ  ᠤᠨ ᠴᠤᠭᠯᠠᠭᠠᠨ ᠤ ᠯᠢᠶᠡᠩᠴᠧᠩ ᠤᠨ ᠤᠷᠤᠯᠳᠤᠭᠠᠨ ᠤ ᠲᠣᠭᠤᠷᠢᠭ ᠤᠨ ᠡᠯ᠎ᠡ ᠴᠢᠳᠠᠮᠵᠢ ᠶᠢᠨ ᠦᠢᠯᠡᠴᠢᠯᠡᠭᠡᠨ ᠤ ᠲᠠᠰᠤᠭ ᠢ ᠪᠡᠯᠡᠳᠬᠡᠵᠦ ᠳᠠᠭᠤᠰᠬᠠᠪᠠ
ᠨᠡᠶᠢᠲᠡᠯᠡᠭᠰᠡᠨ ᠴᠠᠭ᠄
2023/11/15
    ᠠᠷᠪᠠᠨ ᠳᠥᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠳᠠᠮᠢᠷ ᠤᠨ ᠴᠤᠭᠯᠠᠭᠠᠨ ᠪᠣᠯ ᠪᠡᠭᠡᠵᠢᠩ ᠤᠨ ᠡᠪᠦᠯ ᠤᠨ ᠤᠯᠠᠷᠢᠯ ᠤᠨ ᠣᠯᠧᠮᠫᠢᠺ ᠪᠡᠶ᠎ᠡ ᠶᠢᠨ ᠳᠠᠮᠢᠷ ᠤᠨ ᠴᠤᠭᠯᠠᠭᠠᠨ ᠬᠤᠲᠠ ᠶᠢᠨ ᠳᠠᠷᠠᠭ᠎ᠠ ᠠᠩᠬ᠎ᠠ ᠤᠳᠠᠭ᠎ᠠ ᠡᠷᠭᠢᠯᠡᠭᠰᠡᠨ ᠪᠥᠬᠦ ᠤᠯᠤᠰ ᠤᠨ ᠡᠪᠦᠯ ᠤᠨ ᠤᠯᠠᠷᠢᠯ ᠤᠨ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠪᠣᠯᠬᠤ ᠪᠥᠭᠡᠳ ᠪᠠᠰᠠ ᠴᠤ ᠤᠯᠠᠭᠠᠨᠴᠠᠪ ᠬᠤᠲᠠ ᠶᠢᠨ ᠳᠠᠭᠠᠭᠠᠴᠢᠯᠠᠨ ᠡᠷᠭᠢᠯᠡᠭᠰᠡᠨ ᠬᠡᠪᠴᠢᠶ᠎ᠡ ᠪᠠᠷ ᠬᠠᠮᠤᠭ ᠤᠨ ᠶᠡᠭᠡ᠂ ᠬᠢᠷᠢ ᠬᠡᠮᠵᠢᠶ᠎ᠡ ᠪᠠᠷ ᠬᠠᠮᠤᠭ ᠤᠨ ᠥᠨᠳᠥᠷ᠂ ᠨᠥᠯᠥᠭᠡ ᠪᠠᠷ ᠬᠠᠮᠤᠭ ᠤᠨ ᠭᠦᠨ ᠨᠢᠭᠡ ᠤᠳᠠᠭᠠᠨ ᠤ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠣᠨ᠎ᠠ᠃ ᠣᠳᠣᠬᠠᠨ ᠳᠤ᠂ ᠠᠷᠪᠠᠨ ᠳᠥᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠳᠠᠮᠢᠷ ᠤᠨ ᠴᠤᠭᠯᠠᠭᠠᠨ ᠤ ᠯᠢᠶᠡᠩᠴᠧᠩ ᠤᠨ ᠤᠷᠤᠯᠳᠤᠭᠠᠨ ᠤ ᠲᠣᠭᠤᠷᠢᠭ ᠤᠨ ᠪᠡᠯᠡᠳᠬᠡᠯ ᠠᠵᠢᠯ ᠨᠢᠭᠡᠨᠲᠡ ᠰᠢᠪᠲᠤᠯᠤᠯᠲᠠ ᠶᠢᠨ ᠱᠠᠲᠤᠨ ᠳᠤ ᠣᠷᠣᠵᠤ᠂ ᠡᠯ᠎ᠡ ᠴᠢᠳᠠᠮᠵᠢ ᠶᠢᠨ ᠦᠢᠯᠡᠴᠢᠯᠡᠭᠡᠨ ᠤ ᠲᠠᠰᠤᠭ ᠢ ᠨᠢᠭᠡᠨᠲᠡ ᠪᠡᠯᠡᠳᠬᠡᠵᠦ ᠳᠠᠭᠤᠰᠬᠠᠭᠠᠳ᠂ ᠵᠢᠩᠬᠢᠨᠢ ᠤᠷᠤᠯᠳᠤᠭᠠᠨ ᠤ ᠬᠥᠰᠢᠭᠡ ᠨᠡᠭᠡᠭᠡᠭᠳᠡᠬᠦ ᠶᠢ ᠬᠦᠯᠢᠶᠡᠵᠦ ᠪᠠᠶᠢᠨ᠎ᠠ᠃     ᠠᠷᠪᠠᠨ ᠳᠥᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠳᠠᠮᠢᠷ ᠤᠨ ᠴᠤᠭᠯᠠᠭᠠᠨ ᠤ ᠯᠢᠶᠡᠩᠴᠧᠩ ᠤᠨ ᠤᠷᠤᠯᠳᠤᠭᠠᠨ ᠤ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠭᠡᠷ ᠲᠤ ᠣᠷᠣᠬᠤ ᠳᠤ᠂ ᠬᠠᠯᠠᠭᠤᠨ ᠳᠤᠯᠠᠭᠠᠨ ᠬᠠᠶᠢᠷ᠎ᠠ ᠰᠡᠳᠬᠢᠯᠭᠡ ᠲᠠᠢ ᠣᠷᠴᠢᠨ ᠲᠣᠭᠤᠷᠢᠨ ᠤ ᠪᠠᠶᠢᠷᠢᠯᠠᠭᠤᠯᠤᠯᠲᠠ ᠨᠢ ᠬᠥᠮᠥᠰ ᠤᠨ ᠠᠩᠬᠠᠷᠤᠯ ᠢ ᠲᠠᠲᠠᠵᠤ᠂ ᠬᠡᠷᠡᠮ ᠳᠡᠭᠡᠷᠡᠬᠢ ᠡᠯ᠎ᠡ ᠵᠦᠢᠯ ᠤᠨ ᠠᠷᠪᠠᠨ ᠳᠥᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠳᠠᠮᠢᠷ ᠤᠨ ᠴᠤᠭᠯᠠᠭᠠᠨ ᠤ ᠥᠯᠵᠡᠶᠢᠲᠦ ᠠᠮᠢᠲᠠᠨ ᠠᠨᠳᠠ᠂ ᠰᠠᠶᠢᠨᠦ᠋ ᠢᠯᠡᠷᠡᠨ᠎ᠡ᠃ ᠰᠠᠶᠢᠨ ᠳᠤᠷ᠎ᠠ ᠶᠢᠨ ᠠᠵᠢᠯᠯᠠᠭᠴᠢ ᠶᠢᠨ ᠭᠡᠷ ᠨᠢ ᠠᠷᠪᠠᠨ ᠳᠥᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠳᠠᠮᠢᠷ ᠤᠨ ᠴᠤᠭᠯᠠᠭᠠᠨ ᠤ ᠰᠠᠶᠢᠨ ᠳᠤᠷ᠎ᠠ ᠶᠢᠨ ᠠᠵᠢᠯᠯᠠᠭᠴᠢ  ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠵᠢᠭᠰᠠᠭᠠᠯ ᠤᠨ ᠭᠠᠵᠠᠷ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠪᠡᠶ᠎ᠡ ᠰᠡᠳᠬᠢᠯ ᠢ ᠠᠮᠤᠷᠵᠢᠭᠤᠯᠬᠤ ᠬᠠᠯᠠᠭᠤᠨ ᠳᠤᠯᠠᠭᠠᠨ ᠭᠠᠷᠠᠮ ᠪᠤᠯᠤᠩ ᠪᠣᠯᠤᠭᠰᠠᠨ ᠤ ᠬᠤᠪᠢ ᠳᠤ ᠯᠢᠶᠡᠩᠴᠧᠩ ᠰᠢᠶᠠᠨ ᠤ ᠡᠪᠯᠡᠯ ᠤᠨ ᠬᠤᠷᠢᠶ᠎ᠠ ᠡᠨᠡ ᠵᠢᠯ ᠤᠨ 10 ᠰᠠᠷ᠎ᠠ ᠶᠢᠨ ᠡᠬᠢᠨ ᠠᠴᠠ ᠡᠬᠢᠯᠡᠨ ᠲᠥᠰᠥᠯ ᠲᠣᠭᠲᠠᠭᠠᠵᠤ᠂ 11 ᠰᠠᠷ᠎ᠠ ᠶᠢᠨ ᠡᠬᠢ ᠪᠠᠷ ᠪᠠᠶᠢᠷᠢᠯᠠᠭᠤᠯᠵᠤ ᠳᠠᠭᠤᠰᠬᠠᠪᠠ᠃     ᠰᠠᠶᠢᠨ ᠳᠤᠷ᠎ᠠ ᠶᠢᠨ ᠠᠵᠢᠯᠯᠠᠭᠴᠢ ᠶᠢᠨ ᠭᠡᠷ ᠢ ᠨᠢᠭᠡᠨᠲᠡ ᠪᠡᠯᠡᠳᠬᠡᠵᠦ ᠳᠠᠭᠤᠰᠤᠭᠰᠠᠨ ᠠᠴᠠ ᠭᠠᠳᠠᠨ᠎ᠠ᠂ ᠠᠷᠪᠠᠨ ᠳᠥᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠪᠡᠶ᠎ᠡ ᠶᠢᠨ ᠳᠠᠮᠢᠷ ᠤᠨ ᠴᠤᠭᠯᠠᠭᠠᠨ ᠤ ᠯᠢᠶᠡᠩᠴᠧᠩ ᠤᠨ ᠤᠷᠤᠯᠳᠤᠭᠠᠨ ᠤ ᠲᠣᠭᠤᠷᠢᠭ ᠤᠨ ᠠᠮᠤᠷ ᠢ ᠬᠠᠮᠠᠭᠠᠯᠠᠬᠤ ᠵᠢᠯᠤᠭᠤᠳᠬᠤ ᠭᠠᠵᠠᠷ᠂ ᠰᠣᠨᠢᠨ ᠮᠡᠳᠡᠭᠡᠨ ᠤ ᠲᠥᠪ᠂ ᠡᠮᠴᠢᠯᠡᠭᠡᠨ ᠤ ᠠᠪᠤᠷᠠᠯᠳᠠ ᠶᠢᠨ ᠲᠠᠰᠤᠭ ᠵᠡᠷᠭᠡ ᠴᠢᠳᠠᠮᠵᠢ ᠶᠢᠨ ᠲᠠᠰᠤᠭ ᠢ ᠨᠢᠭᠡᠨᠲᠡ ᠪᠡᠯᠡᠳᠬᠡᠵᠦ ᠳᠠᠭᠤᠰᠬᠠᠭᠠᠳ᠂ ᠪᠥᠬᠦ ᠲᠠᠮᠢᠷᠴᠢᠨ᠂ ᠬᠢᠨᠠᠭᠴᠢ᠂ ᠰᠣᠷᠪᠣᠯᠵᠢᠯᠠᠭᠴᠢᠳ ᠵᠡᠷᠭᠡ ᠳᠤ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ ᠪᠠᠶᠢᠨ᠎ᠠ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2