ᠵᠢᠷᠤᠭᠳᠤ ᠮᠡᠳᠡᠭᠡ
ᠨᠡᠶᠢᠲᠡᠯᠡᠭᠰᠡᠨ ᠴᠠᠭ᠄
2023/11/16
    ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠵᠢᠨᠢᠩ ᠲᠣᠭᠤᠷᠢᠭ ᠤᠨ ᠰᠢᠨᠬᠤᠸᠠ ᠵᠡᠭᠡᠯᠢ ᠭᠤᠳᠤᠮᠵᠢ ᠶᠢᠨ ᠨᠠᠨ ᠶᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠲᠥᠪᠯᠡᠷᠡᠭᠦᠯᠦᠨ ᠰᠤᠷᠤᠯᠴᠠᠭᠤᠯᠬᠤ ᠶᠢᠨ ᠬᠠᠮᠲᠤ᠂ ᠨᠠᠰᠤ ᠠᠬᠠᠰᠢᠷᠠᠵᠤ ᠪᠡᠶ᠎ᠡ ᠮᠠᠭᠤᠳᠠᠭᠰᠠᠨ᠂ ᠬᠥᠳᠡᠯᠵᠦ ᠪᠠᠷᠢᠬᠤ ᠳᠤ ᠳᠥᠭᠦᠮ ᠦᠭᠡᠢ ᠠᠬᠠᠮᠠᠳ ᠨᠠᠮ ᠤᠨ ᠭᠡᠰᠢᠭᠦᠨ ᠤ ᠰᠤᠷᠤᠯᠴᠠᠯᠭ᠎ᠠ ᠳᠤ ︽ᠬᠢᠴᠢᠶᠡᠯ ᠠᠴᠠ ᠬᠤᠴᠣᠷᠬᠤ ᠦᠭᠡᠢ︾᠂ ᠤᠨᠤᠯ ᠤᠨ ᠲᠠᠯ᠎ᠠ ᠪᠠᠷ ︽ᠰᠤᠷᠤᠯᠴᠠᠯᠭ᠎ᠠ ᠠᠴᠠ ᠬᠤᠴᠣᠷᠬᠤ ᠦᠭᠡᠢ︾᠂ ᠤᠶᠤᠨ ᠰᠠᠨᠠᠭᠠᠨ ᠤ ᠲᠠᠯ᠎ᠠ ᠪᠠᠷ ︽ᠰᠤᠷᠭᠠᠭᠤᠯᠢ ᠠᠴᠠ ᠬᠤᠴᠣᠷᠬᠤ ᠦᠭᠡᠢ︾ ᠪᠠᠶᠢᠬᠤ ᠶᠢ ᠪᠠᠲᠤᠯᠠᠬᠤ ᠶᠢᠨ ᠲᠥᠯᠥᠭᠡ᠂ ︽ᠰᠤᠷᠭᠠᠭᠤᠯᠢ ᠶᠢ ᠭᠡᠷ ᠲᠤᠨᠢ ᠬᠦᠷᠭᠡᠬᠦ︾ ᠰᠠᠯᠪᠤᠷᠢ ᠪᠠᠭ᠎ᠠ ᠠᠩᠭᠢ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠭᠤᠣᠯ ᠰᠡᠳᠦᠪᠲᠦ ᠬᠥᠮᠦᠵᠢᠯ ᠤᠨ ᠨᠣᠮ ᠪᠢᠴᠢᠭ᠂ ᠦᠵᠡᠵᠦ ᠰᠣᠨᠣᠰᠬᠤ ᠰᠤᠷᠤᠯᠴᠠᠬᠤ ᠮᠠᠲ᠋ᠧᠷᠢᠶᠠᠯ ᠵᠡᠷᠭᠡ ᠶᠢ ᠭᠡᠷ ᠲᠤᠨᠢ ᠬᠦᠷᠭᠡᠵᠦ᠂ ᠭᠤᠣᠯ ᠰᠡᠳᠦᠪᠲᠦ ᠬᠥᠮᠦᠵᠢᠯ ᠤᠨ ᠡᠲᠡᠭᠡᠳ ᠢ ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠴᠢᠷᠮᠠᠶᠢᠪᠠ᠃                                  ᠵᠤᠬᠢᠶᠠᠭᠴᠢ᠄ ᠯᠢ ᠬᠠᠢ ᠯᠠᠨ                                                                  ᠤᠷᠴᠢᠭᠤᠯᠤᠭᠴᠢ᠄ ᠬᠦᠰᠡᠯ                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2