ᠤᠯᠠᠭᠠᠨᠴᠠᠪ ᠬᠤᠲᠠ ᠪᠥᠬᠦ ᠣᠷᠣᠨ ᠳᠤ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠤᠷᠢᠳᠠᠪᠠᠷ ᠪᠠᠶᠢᠭᠤᠯᠪᠠ
ᠨᠡᠶᠢᠲᠡᠯᠡᠭᠰᠡᠨ ᠴᠠᠭ᠄
2023/11/16
     ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠠᠮᠢᠶᠠᠷᠤᠯᠲᠠ ᠶᠢᠨ ᠳᠦᠷᠢᠮ︾ ᠪᠣᠯᠣᠨ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ︾ ᠢ ᠪᠦᠬᠦ ᠲᠠᠯ᠎ᠠ  ᠪᠠᠷ ᠲᠤᠭᠤᠰᠢᠯᠠᠭᠤᠯᠵᠤ᠂ ᠪᠥᠬᠦ ᠬᠤᠲᠠ ᠶᠢᠨ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠢᠯᠤᠭᠤᠳᠬᠤ ᠪᠠ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠵᠤ᠂ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠢᠳᠡᠪᠬᠢᠲᠡᠢ ᠪᠠᠶᠢᠭᠤᠯᠤᠨ᠂ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠤᠯᠢᠵᠢᠭᠤᠯᠬᠤ᠂ ᠵᠢᠷᠤᠮᠵᠢᠭᠤᠯᠬᠤ᠂ ᠰᠢᠨᠵᠢᠯᠡᠬᠦ ᠤᠬᠠᠭᠠᠨᠴᠢᠯᠠᠬᠤ ᠪᠠ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 14 ᠤ ᠡᠳᠦᠷ᠂ ᠤᠯᠠᠭᠠᠨᠴᠠᠪ ᠬᠤᠲᠠ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ᠢ ᠪᠥᠬᠦ ᠣᠷᠣᠨ ᠳᠤ ᠤᠷᠢᠳᠠᠪᠠᠷ ᠪᠠᠶᠢᠭᠤᠯᠪᠠ᠃     ᠬᠠᠮᠲᠤᠷᠠᠭᠰᠠᠨ ᠬᠤᠷᠠᠯ ᠨᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ 22 ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠪᠦᠷᠢᠯᠳᠦᠵᠦ᠂ ᠠᠯᠪᠠᠨ ᠭᠡᠷ ᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠲᠣᠬᠢᠷᠠᠭᠤᠯᠪᠠ᠃ ᠬᠠᠮᠲᠤᠷᠠᠭᠰᠠᠨ ᠬᠤᠷᠠᠯ ᠤᠨ ᠳᠦᠷᠢᠮ ᠳᠤ ᠭᠤᠣᠯ ᠪᠣᠯᠬᠤ ᠡᠭᠦᠷᠭᠡ ᠴᠢᠳᠠᠪᠤᠷᠢ᠂ ᠪᠦᠷᠢᠯᠳᠦᠭᠦᠨ ᠨᠢᠭᠡᠴᠢ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠂ ᠠᠵᠢᠯ ᠤᠨ ᠳᠦᠷᠢᠮ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠤᠣᠯᠳᠠᠭᠤ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠭᠠᠵᠠᠷ ᠤᠨ ᠨᠡᠷ᠎ᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠡᠯ᠎ᠡ ᠵᠦᠢᠯ ᠤᠨ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃     ᠬᠠᠮᠲᠤᠷᠠᠭᠰᠠᠨ ᠬᠤᠷᠠᠯ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠣᠷᠣᠨ ᠬᠤᠪᠢᠶᠠᠭᠰᠠᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠬᠤᠪᠢᠶᠠᠭᠰᠠᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠤᠨ᠎ᠠ᠃ ᠪᠥᠬᠦ ᠬᠤᠲᠠ ᠶᠢᠨ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠬᠤ ᠪᠠ ᠵᠢᠯᠤᠭᠤᠳᠬᠤ ᠶᠢᠨ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠶᠡᠷᠦᠩᠬᠡᠢ ᠲᠥᠯᠦᠪᠵᠢᠭᠦᠯᠭᠡ ᠶᠢᠨ ᠰᠡᠳᠬᠢᠮᠵᠢ ᠶᠢ ᠬᠠᠮᠲᠤᠪᠠᠷ ᠰᠤᠳᠤᠯᠵᠤ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠣᠬᠢᠷᠠᠭᠤᠯᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠵᠢᠷᠤᠮᠵᠢᠯᠳᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ︔ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢ ᠦᠷᠭᠦᠯᠵᠢᠯᠡᠨ ᠵᠢᠷᠤᠮᠵᠢᠭᠤᠯᠵᠤ᠂ ᠭᠠᠵᠠᠷ ᠤᠨ ᠨᠡᠷ᠎ᠡ ᠶᠢᠨ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠭᠠᠵᠠᠷ ᠤᠨ ᠨᠡᠷ᠎ᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠢᠯᠢ ᠶᠢᠨ ᠵᠠᠭᠠᠭ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠠᠮᠤᠷ ᠲᠦᠪᠰᠢᠨ ᠬᠢᠯᠢ ᠶᠢᠨ ᠵᠠᠭᠠᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃                                                        ᠣᠷᠴᠢᠭᠤᠯᠤᠭᠴᠢ᠄ ᠭᠤᠸ᠎ᠠ                                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2