ᠬᠤᠸᠠᠳᠧ ᠰᠢᠶᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢ ᠰᠢᠯᠢᠳᠡᠭᠵᠢᠭᠦᠯᠬᠦ ᠲᠣᠬᠢᠷᠠᠭᠤᠯᠭ᠎ᠠ ᠶᠢᠨ ᠬᠤᠷᠠᠯ ᠵᠢᠴᠢ ᠢᠲᠡᠭᠡᠮᠵᠢ ᠶᠢᠨ ᠬᠢᠨᠠᠨ ᠰᠢᠯᠭᠠᠯᠲᠠ ᠶᠢᠨ ᠤᠷᠢᠳᠴᠢᠯᠠᠨ ᠵᠢᠱᠢᠯᠲᠡ ᠶᠢ ᠮᠡᠳᠡᠭᠳᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/16
    11 ᠰᠠᠷ᠎ᠠ ᠶᠢᠨ 14  ᠤ ᠡᠳᠦᠷ᠂ ᠬᠤᠸᠠᠳᠧ ᠰᠢᠶᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢ ᠰᠢᠯᠢᠳᠡᠭᠵᠢᠭᠦᠯᠬᠦ ᠲᠣᠬᠢᠷᠠᠭᠤᠯᠭ᠎ᠠ ᠶᠢᠨ ᠬᠤᠷᠠᠯ ᠵᠢᠴᠢ ᠢᠲᠡᠭᠡᠮᠵᠢ ᠶᠢᠨ ᠮᠡᠳᠡᠭᠡ ᠵᠠᠩᠭᠢ ᠶᠢ ᠬᠢᠨᠠᠨ ᠰᠢᠯᠭᠠᠵᠤ ᠤᠷᠢᠳᠴᠢᠯᠠᠨ ᠵᠢᠱᠢᠬᠦ ᠶᠢ ᠮᠡᠳᠡᠭᠳᠡᠬᠦ ᠬᠤᠷᠠᠯ ᠬᠤᠷᠠᠯᠳᠤᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠨᠡᠯᠡᠨ ᠵᠢᠱᠢᠵᠦ ᠦᠨᠡᠯᠡᠬᠦ ᠶᠢ ᠤᠭᠲᠤᠬᠤ ᠠᠵᠢᠯ ᠢ ᠪᠠᠶᠢᠷᠢᠯᠠᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠬᠢᠨᠠᠨ ᠰᠢᠯᠭᠠᠬᠤ ᠠᠵᠢᠯ ᠤᠨ ᠤᠷᠢᠳᠴᠢᠯᠠᠨ ᠵᠢᠱᠢᠭᠰᠡᠨ ᠪᠠᠶᠢᠳᠠᠯ ᠢ ᠵᠠᠷᠯᠠᠨ ᠵᠠᠳᠠᠯᠬᠤ ᠶᠢᠨ ᠬᠠᠮᠲᠤ ᠵᠠᠰᠠᠪᠤᠷᠢ ᠣᠷᠣᠭᠤᠯᠵᠤ ᠨᠥᠬᠦᠪᠦᠷᠢᠯᠡᠨ ᠮᠡᠳᠡᠭᠦᠯᠬᠦ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠲᠠᠬᠢᠨ ᠲᠣᠬᠢᠷᠠᠭᠤᠯᠵᠤ᠂ ᠲᠠᠬᠢᠨ ᠲᠠᠶᠢᠴᠢᠯᠠᠵᠤ᠂ ᠲᠠᠬᠢᠨ ᠪᠠᠶᠢᠷᠢᠯᠠᠭᠤᠯᠪᠠ᠃     ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠮᠢᠶ᠎ᠠ ᠪᠦᠬᠦᠢ ᠠᠵᠢᠯ ᠳᠤ ᠲᠠᠶᠢᠯᠤᠮᠵᠢ ᠬᠢᠵᠦ᠂ ᠪᠣᠳᠠᠲᠠᠢ ᠡᠭᠦᠷᠭᠡ ᠳᠤ ᠠᠵᠢᠯ ᠬᠤᠪᠢᠶᠠᠷᠢᠯᠠᠪᠠ᠃ ᠬᠤᠷᠠᠯ ᠳᠡᠭᠡᠷ᠎ᠡ ᠬᠤᠸᠠᠳᠧ ᠰᠢᠶᠠᠨ ᠤ ᠢᠲᠡᠭᠡᠮᠵᠢ ᠶᠢᠨ ᠬᠢᠨᠠᠨ ᠬᠡᠮᠵᠢᠯᠲᠡ ᠶᠢᠨ ᠳᠡᠭᠡᠭᠰᠢ ᠮᠡᠳᠡᠭᠦᠯᠦᠭᠰᠡᠨ ᠪᠠᠶᠢᠳᠠᠯ ᠢ ᠮᠡᠳᠡᠭᠳᠡᠬᠦ ᠶᠢᠨ ᠬᠠᠮᠲᠤ ᠬᠤᠯᠪᠣᠭᠳᠠᠯ ᠪᠦᠬᠦᠢ ᠨᠢᠭᠡᠴᠡ ᠶᠢᠨ ᠬᠠᠮᠵᠢᠯᠴᠠᠨ ᠨᠥᠬᠦᠪᠦᠷᠢᠯᠡᠬᠦ ᠴᠢᠬᠤᠯᠠᠲᠠᠢ ᠭᠡᠷᠡᠴᠢ᠂ ᠮᠠᠲ᠋ᠧᠷᠢᠶᠠᠯ ᠢ ᠵᠠᠷᠯᠠᠨ ᠮᠡᠳᠡᠭᠳᠡᠵᠡᠢ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠡ᠂ ᠢᠯᠠᠩᠭᠤᠶ᠎ᠠ ᠡᠯ᠎ᠡ ᠲᠦᠷᠦᠭᠦᠯᠡᠨ ᠬᠢᠬᠦ ᠨᠢᠭᠡᠴᠡ ᠨᠦᠭᠦᠳ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠭᠡᠳᠦᠯᠲᠡᠢ ᠲᠥᠯᠥᠪᠯᠡᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠲᠣᠰ ᠤᠳᠠᠭᠠᠨ ᠤ ᠰᠢᠯᠭᠠᠨ ᠦᠨᠡᠯᠡᠬᠦ ᠶᠢ ᠣᠳᠣᠬᠠᠨ ᠤ ᠨᠢᠭᠡ ᠬᠤᠭᠤᠴᠠᠭᠠᠨ ᠤ ᠴᠢᠬᠤᠯᠠ ᠡᠭᠦᠷᠭᠡ ᠪᠣᠯᠭᠠᠵᠤ᠂ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢ ᠬᠢᠨᠠᠮᠠᠭᠠᠢ ᠰᠤᠳᠤᠯᠤᠨ ᠮᠠᠭᠠᠳᠯᠠᠵᠤ᠂ ᠳᠡᠭᠡᠳᠦ ᠱᠠᠲᠤᠨ ᠤ ᠬᠢ ᠲᠠᠢ ᠬᠠᠷᠢᠯᠴᠠᠬᠤ ᠪᠠ ᠵᠣᠯᠭᠠᠭᠤᠯᠬᠤ ᠠᠵᠢᠯ ᠢ ᠴᠢᠩᠭᠠᠳᠬᠠᠨ᠂ ᠪᠠᠷᠢᠮᠵᠢᠶ᠎ᠠ ᠶᠢ ᠬᠠᠷᠭᠤᠭᠤᠯᠤᠨ ᠬᠦᠰᠦᠨᠦᠭᠲᠦ ᠲᠠᠢ ᠬᠠᠷᠭᠤᠭᠤᠯᠵᠤ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠦᠨᠡᠨᠬᠦ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠠᠪᠴᠤ ᠪᠠᠶᠢᠭᠠᠳ ᠭᠦᠢᠴᠡᠳᠬᠡᠯ ᠲᠤᠭ᠎ᠠ ᠶᠢᠨ ᠬᠤᠪᠢ ᠣᠯᠬᠤ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠬᠡᠮᠵᠢᠶᠡᠵᠢᠭᠦᠯᠬᠦ ᠵᠠᠷᠴᠢᠮ ᠢ ᠣᠨᠣᠪᠴᠢᠲᠠᠶ ᠡᠵᠡᠮᠰᠢᠵᠦ᠂ ᠡᠭᠦᠷᠭᠡ ᠶᠢ ᠵᠠᠳᠠᠯᠬᠤ᠂ ᠬᠡᠮᠵᠢᠶᠡᠵᠢᠭᠦᠯᠬᠦ ᠠᠵᠢᠯ ᠤᠨ ᠠᠭᠤᠯᠭ᠎ᠠ ᠶᠢ ᠰᠠᠶᠢᠲᠤᠷ ᠬᠢᠵᠦ᠂ ᠠᠵᠢᠯ ᠤᠨ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠪᠣᠳᠠᠲᠠᠶᠢᠵᠢᠭᠤᠯᠬᠤ᠂ ᠲᠥᠷᠥᠯ ᠵᠦᠢᠯ ᠪᠣᠯᠭᠠᠬᠤ᠂ ᠨᠠᠷᠢᠨ ᠲᠠᠩᠰᠠᠵᠢᠭᠤᠯᠬᠤ ᠶᠢ ᠠᠬᠢᠭᠤᠯᠤᠨ ᠨᠠᠶᠢᠳᠠᠪᠤᠷᠢᠵᠢᠭᠤᠯᠵᠤ᠂ ᠲᠣᠭᠲᠠᠭᠠᠭᠰᠠᠨ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠬᠤᠪᠢ ᠨᠡᠮᠡᠬᠦ ᠲᠥᠷᠥᠯ ᠵᠦᠢᠯ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃     ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2