ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠰᠢᠨ᠎ᠡ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2023/11/17
    11 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠭᠦᠨᠵᠡᠭᠡᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃     ᠰᠦᠢ ᠸᠧᠢ ᠵᠢᠶᠦ᠋ᠨ᠂ ᠰᠦᠨ ᠱᠤᠤ ᠴᠧᠩ ᠱᠦᠵᠢ ᠶᠢᠨ ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠦᠢᠯᠡᠰ ᠢᠶᠠᠷ ᠭᠤᠣᠯ ᠪᠣᠯᠭᠠᠵᠤ᠂ ᠤᠷᠢᠳᠠᠪᠠᠷ ᠰᠢᠪᠲᠤᠯᠤᠯᠲᠠ ᠬᠢᠬᠦ ᠶᠢ ᠪᠠᠷᠢᠮᠲᠠᠯᠠᠵᠤ᠂ ᠰᠢᠨ᠎ᠡ ᠡᠨᠧᠷᠭᠢ ᠶᠢᠨ ᠲᠦᠷᠭᠡᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠰᠠᠶᠢᠨᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠬᠦ ᠪᠠ ᠰᠠᠶᠢᠨᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠨᠥᠬᠦᠪᠦᠷᠢᠯᠡᠬᠦ ᠶᠢ ᠨᠡᠩ ᠢᠯᠡᠭᠦᠦ ᠣᠶᠤᠨ ᠴᠢᠳᠠᠯ ᠢᠶᠠᠨ ᠥᠪᠡᠷ ᠤᠨ ᠪᠡᠶ᠎ᠡ ᠪᠠᠨ ᠰᠢᠩᠭᠡᠭᠡᠬᠦ ᠴᠢᠳᠠᠪᠤᠷᠢ ᠪᠠᠨ ᠳᠡᠭᠡᠭᠰᠢᠯᠡᠭᠦᠯᠬᠦ ᠳᠡᠭᠡᠷ᠎ᠡ ᠲᠠᠯᠪᠢᠵᠤ᠂ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠨᠣᠭᠤᠭᠠᠨ ᠴᠠᠬᠢᠯᠭᠠᠨ ᠢ ᠰᠢᠩᠭᠡᠭᠡᠬᠦ ᠰᠢᠨ᠎ᠡ ᠦᠵᠡᠭᠳᠡᠯ ᠢ ᠢᠳᠡᠪᠬᠢᠲᠡᠢ ᠪᠠᠷ ᠪᠣᠶᠢᠵᠢᠭᠤᠯᠵᠤ᠂ ᠨᠣᠭᠤᠭᠠᠨ ᠴᠠᠬᠢᠯᠭᠠᠨ ᠤ ᠬᠡᠷᠡᠭᠯᠡᠯᠲᠡ ᠶᠢ ᠬᠦᠴᠦᠯᠡᠨ ᠥᠷᠭᠡᠳᠬᠡᠵᠦ᠂ ᠨᠣᠭᠤᠭᠠᠨ ᠴᠠᠬᠢᠯᠭᠠᠨ ᠢ ᠣᠷᠣᠯᠠᠭᠤᠯᠬᠤ ᠶᠢ ᠲᠦᠷᠭᠡᠳᠬᠡᠨ᠂ ᠨᠣᠭᠤᠭᠠᠨ ᠴᠠᠬᠢᠯᠭᠠᠨ ᠤ ᠳᠠᠭᠠᠭᠠᠴᠠ ᠶᠢ ᠨᠡᠮᠡᠭᠳᠡᠭᠦᠯᠵᠦ᠂ ᠨᠢᠭᠡᠨ ᠪᠣᠬᠢᠷᠲᠤᠯ ᠦᠭᠡᠢ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠪᠤᠢ ᠪᠣᠯᠭᠠᠵᠤ᠂ ᠮᠢᠩᠭᠠᠨ ᠲᠦᠮᠡᠨ ᠲᠣᠨ ᠤ ᠪᠣᠬᠢᠷᠲᠤᠯ ᠦᠭᠡᠢ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠲᠠᠬᠢᠨ ᠪᠦᠲᠦᠭᠡᠵᠦ᠂ ᠨᠢᠭᠡᠨ ᠪᠣᠬᠢᠷᠲᠤᠯ ᠦᠭᠡᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠥᠭᠡᠷᠡᠴᠢᠯᠡᠵᠦ᠂ ᠨᠢᠭᠡᠨ ᠪᠣᠬᠢᠷᠲᠤᠯ ᠦᠭᠡᠢ ᠲᠣᠮᠣ ᠳ᠋ᠠᠶᠢᠲ᠋ᠠ ᠶᠢᠨ ᠤᠶᠤᠨ ᠢᠶᠠᠷ ᠪᠤᠳᠤᠬᠤ ᠠᠵᠤ ᠦᠢᠯᠡᠰ ᠢ ᠬᠠᠭᠤᠯᠪᠤᠷᠢᠯᠠᠵᠤ᠂ ᠨᠢᠭᠡᠨ ᠪᠣᠬᠢᠷᠲᠤᠯ ᠦᠭᠡᠢ ᠤᠰᠤᠲᠥ᠋ᠷᠥᠭᠴᠢ ᠦᠢᠯᠡᠳᠬᠦ ᠠᠵᠤ ᠦᠢᠯᠡᠰ ᠢ ᠪᠣᠶᠢᠵᠢᠭᠤᠯᠬᠤ ᠬᠡᠷᠡᠭᠲᠡᠢ ᠭᠡᠵᠦ ᠬᠡᠯᠡᠪᠡ᠃     ᠰᠦᠢ ᠸᠧᠢ ᠵᠢᠶᠦ᠋ᠨ᠂ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠶᠢᠨ ᠲᠣᠭᠤᠷᠢᠨ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠭᠯᠡᠭᠦᠯᠬᠦ ᠴᠢᠨᠠᠷᠲᠠᠢ ᠪᠠᠷ ᠥᠷᠨᠢᠭᠦᠯᠵᠦ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠬᠡᠷᠡᠭᠲᠡᠢ᠃ ᠬᠦᠯᠢᠶᠡᠰᠦᠯᠡᠯ ᠢ ᠡᠪᠳᠡᠵᠦ᠂ ᠴᠢᠯᠦᠭᠡᠲᠡᠢ ᠠᠵᠢᠯᠯᠠᠵᠤ᠂ ᠪᠦᠬᠦ ᠬᠦᠴᠦᠨ ᠢᠶᠠᠷ ᠢᠶᠠᠨ ᠰᠢᠨ᠎ᠡ ᠡᠨᠧᠷᠭᠢ ᠪᠣᠯᠣᠨ ᠢᠵᠢ ᠪᠦᠷᠢᠳᠦᠭᠦᠯᠦᠨ ᠰᠢᠩᠭᠡᠬᠡᠨ ᠠᠪᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠦᠯᠢᠶᠡᠰᠦ ᠶᠢ ᠠᠯᠳᠠᠷᠠᠭᠠᠵᠤ ᠳᠠᠷᠤᠭᠠᠰᠤ ᠶᠢ ᠬᠥᠩᠭᠡᠷᠡᠭᠦᠯᠵᠦ᠂ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠳᠥᠭᠦᠮᠴᠢᠯᠡᠵᠦ᠂ ᠠᠵᠤ ᠠᠬᠤᠶᠢᠯᠠᠯ ᠳᠤ ᠨᠡᠩ ᠥᠨᠳᠥᠷ ᠪᠦᠲᠦᠮᠵᠢᠲᠡᠢ᠂ ᠲᠦᠷᠭᠡᠨ᠂ ᠳᠥᠭᠦᠮ ᠳᠥᠲᠡ ᠦᠢᠯᠡᠴᠢᠯᠡᠭᠡ ᠶᠢ ᠦᠨᠡᠨᠬᠦ ᠬᠠᠩᠭᠠᠵᠤ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠤᠰᠬᠠᠢ ᠠᠩᠭᠢ ᠪᠠᠶᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠣᠬᠢᠷᠠᠭᠤᠯᠤᠨ ᠠᠩᠬᠠᠷᠴᠤ ᠪᠠᠶᠢᠭᠠᠳ ᠰᠢᠢᠳᠪᠦᠷᠢᠯᠡᠵᠦ᠂ ᠠᠯᠢᠪᠠ ᠬᠦᠴᠦᠨ ᠢ ᠲᠠᠶᠢᠴᠢᠯᠠᠵᠦ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠶᠠᠮᠠᠷ ᠠᠰᠠᠭᠤᠳᠠᠯ ᠲᠤᠯᠭᠠᠷᠠᠪᠠᠯ ᠲᠡᠷᠡ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠂ ︽ᠤᠳᠠᠭᠠᠨ︾ ᠤ ᠬᠠᠷᠠᠭ᠎ᠠ ᠪᠠᠷ ᠰᠠᠶᠢᠨ ᠲᠣᠬᠢᠶᠠᠯ ᠢ ᠠᠯᠳᠠᠵᠤ᠂ ᠬᠥᠭᠵᠢᠯᠲᠡ ᠶᠢ ᠰᠠᠭᠠᠲᠠᠭᠠᠵᠤ ᠶᠠᠭᠠᠬᠢᠭᠰᠠᠨ ᠴᠤ ᠪᠣᠯᠬᠤ ᠦᠭᠡᠢ ᠭᠡᠵᠦ ᠬᠡᠯᠡᠪᠡ᠃      ᠶᠦᠨ ᠫᠧᠩ ᠭᠠᠩ᠂ ᠯᠢᠦ ᠭᠦᠸᠧ ᠭᠠᠩ᠂ ᠹᠠᠩ ᠽᠧ ᠣᠷᠣᠯᠴᠠᠵᠠᠢ᠃                                                   ᠣᠷᠴᠢᠭᠤᠯᠤᠭᠴᠢ᠄ ᠭᠤᠸ᠎ᠠ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2