| ᠤᠯᠠᠭᠠᠨᠴᠠᠪ ᠬᠤᠲᠠ ᠶᠢᠨ ᠯᠢᠶᠡᠩᠴᠧᠩ ᠰᠢᠶᠠᠨ ᠤ 10 ᠲᠦᠮᠡᠨ ᠮᠦ ᠰᠢᠰᠢ ᠡᠨᠡ ᠵᠢᠯ ᠡᠯᠪᠡᠭ ᠬᠤᠷᠢᠶᠠᠯᠲᠠ | ᠣᠯᠪᠠ᠃ ᠲᠠᠷᠢᠶᠠᠴᠢᠳ ᠤᠨ ᠠᠮᠤ ᠪᠤᠳᠠᠭ᠎ᠠ ᠶᠢ ᠴᠠᠭ ᠲᠤᠬᠠᠢ ᠳᠤᠨᠢ ᠪᠡᠯᠡᠨ ᠵᠣᠭᠤᠰ ᠪᠣᠯᠭᠠᠨ ᠬᠤᠪᠢᠷᠠᠭᠤᠯᠬᠤ ᠶᠢ | ᠦᠨᠡᠨᠬᠦ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠯᠢᠶᠡᠩᠴᠧᠩ ᠰᠢᠶᠠᠨ ᠤ ᠠᠮᠤ ᠪᠤᠳᠠᠭ᠎ᠠ | ᠬᠤᠳᠠᠯᠳᠤᠨ ᠠᠪᠬᠤ ᠭᠠᠵᠠᠷ ᠤᠳ ᠬᠥᠮᠥᠷᠭᠡ ᠶᠢᠨ ᠪᠠᠭᠲᠠᠭᠠᠮᠵᠢ ᠪᠠᠨ ᠢᠳᠡᠪᠬᠢᠲᠡᠢ ᠪᠡᠯᠡᠳᠬᠡᠵᠦ᠂ ᠪᠡᠯᠡ ᠮᠥᠩᠭᠦ ᠪᠠᠨ | ᠭᠦᠢᠴᠡᠳ ᠪᠡᠯᠡᠳᠬᠡᠵᠦ᠂ ᠰᠢᠰᠢ ᠶᠢ ᠵᠠᠯᠭᠠᠭ᠎ᠠ ᠪᠠᠷ ᠡᠬᠢᠯᠡᠵᠤ ᠵᠢᠩᠯᠡᠨ ᠬᠤᠳᠠᠯᠳᠤᠨ ᠠᠪᠴᠤ᠂ ᠲᠠᠷᠢᠶᠠᠴᠢᠳ ᠤᠨ | ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃ | ᠡᠨᠡ ᠬᠡᠳᠦᠨ ᠡᠳᠦᠷ᠂ ᠬᠤᠩ ᠮᠣᠣ ᠪᠠᠯᠭᠠᠰᠤ ᠶᠢᠨ ᠭᠦᠩ ᠭᠧᠦ ᠶᠠᠨ ᠲᠣᠰᠬᠤᠨ ᠤ ᠮᠧᠩ ᡁᠢ ᠶᠦᠨ | ᠬᠤᠳᠠᠯᠳᠤᠨ ᠠᠪᠬᠤ ᠦᠷᠳᠡᠭᠡ ᠶᠠᠭ ᠶᠠᠭᠠᠷᠠᠯᠳᠤᠵᠤ ᠪᠠᠶᠢᠨ᠎ᠠ᠃ ᠡᠷᠬᠢᠨ ᠲᠣᠭᠤᠷᠢᠨ ᠤ ᠲᠠᠷᠢᠶᠠᠴᠢᠨ ᠡᠷᠦᠭᠡ | ᠲᠷᠠᠺᠲ᠋ᠣᠷ᠂ ᠠᠴᠢᠶᠠᠨ ᠤ ᠮᠠᠰᠢᠨ ᠲᠡᠷᠭᠡ ᠪᠠᠨ ᠵᠢᠯᠣᠭᠤᠳᠤᠨ ᠰᠢᠰᠢ ᠶᠢ ᠲᠡᠭᠡᠭᠡᠪᠦᠷᠢᠯᠡᠨ ᠠᠪᠴᠢᠷᠠᠵᠤ᠂ ᠲᠡᠰ | ᠳᠠᠷᠠᠭᠠᠯᠠᠨ ᠮᠥᠷᠯᠡᠨ ᠵᠢᠭᠰᠠᠵᠤ ᠠᠮᠤ ᠪᠤᠳᠠᠭ᠎ᠠ ᠶᠢ ᠰᠢᠯᠭᠠᠨ ᠪᠠᠶᠢᠴᠠᠭᠠᠵᠤ᠂ ᠵᠢᠩᠯᠡᠵᠦ᠂ ᠳ᠋ᠦᠩᠨᠡᠨ ᠪᠤᠳᠤᠵᠤ᠂ | ᠪᠦᠬᠦ᠋ᠢᠯᠡ ᠬᠤᠳᠠᠯᠳᠤᠨ ᠠᠪᠬᠤ ᠶᠠᠪᠤᠴᠠ ᠡᠮᠬᠢ ᠳᠢᠭᠯᠢᠮ ᠲᠠᠢ ᠪᠠᠶᠢᠨ᠎ᠠ᠃ | ᠡᠨᠡ ᠵᠢᠯ᠂ ᠯᠢᠶᠡᠩᠴᠧᠩ ᠰᠢᠶᠠᠨ ᠤ ᠠᠮᠤ ᠪᠤᠳᠠᠭᠠᠨ ᠤ ᠶᠡᠷᠦᠩᠬᠡᠢ ᠳᠠᠷᠢᠬᠤ ᠲᠠᠯᠠᠪᠠᠶ 77.31 ᠲᠦᠮᠡᠨ | ᠮᠦ ᠳᠤ ᠬᠦᠷᠴᠦ᠂ ᠡᠭᠦᠨ ᠤ ᠳᠣᠲᠣᠷ᠎ᠠ ᠰᠢᠰᠢ ᠳᠠᠷᠢᠬᠤ ᠲᠠᠯᠠᠪᠠᠶ 10.86 ᠲᠦᠮᠡᠨ ᠮᠦ ᠳᠤ ᠬᠦᠷᠴᠦ᠂ | ᠵᠢᠱᠢᠯᠲᠡ ᠪᠠᠷ ᠤᠨᠠᠯᠲᠠ ᠨᠢ 2.59 ᠲᠦᠮᠡᠨ ᠲᠣᠨ ᠪᠣᠯᠣᠨ᠎ᠠ᠃ ᠪᠦᠬᠦ ᠰᠢᠶᠠᠨ ᠤ ᠡᠯ᠎ᠡ ᠬᠤᠳᠠᠯᠳᠤᠨ ᠠᠪᠬᠤ | ᠦᠷᠲᠡᠭᠡ ᠲᠤᠰ ᠭᠠᠵᠠᠷ ᠤᠨ ᠰᠢᠰᠢ ᠶᠢ ᠬᠤᠳᠠᠯᠳᠤᠨ ᠠᠪᠬᠤ ᠳᠤ ᠰᠠᠭᠤᠷᠢᠯᠠᠵᠤ᠂ ᠶᠠᠰᠤ ᠴᠢᠨᠠᠷ ᠤᠨ | ᠱᠠᠭᠠᠷᠳᠠᠯᠭ᠎ᠠ ᠳᠤ ᠨᠡᠶᠢᠴᠡᠭᠰᠡᠨ ᠰᠢᠰᠢ ᠶᠢ ᠬᠤᠷᠢᠶᠠᠬᠤ ᠳᠤ ᠵᠣᠬᠢᠬᠤ ᠶᠢ ᠨᠢ ᠪᠦᠬᠦᠨ ᠢ ᠬᠤᠷᠢᠶᠠᠵᠤ᠂ | ᠲᠠᠷᠢᠶᠠᠴᠢᠳ ᠤᠨ ᠬᠠᠳᠠᠭᠠᠯᠠᠬᠤ ᠳᠤ ᠬᠦᠴᠢᠷ᠂ ᠪᠡᠯᠡᠨ ᠵᠣᠭᠤᠰ ᠪᠣᠯᠭᠠᠬᠤ ᠳᠤ ᠬᠦᠴᠢᠷ ᠪᠠᠶᠢᠬᠤ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠵᠦ᠂ ᠮᠥᠬᠦᠯᠢᠭ ᠢ ᠬᠥᠮᠥᠷᠭᠡ ᠳᠤ ᠣᠷᠣᠭᠤᠯᠬᠤ᠂ ᠤᠨᠠᠯᠲᠠ ᠶᠢ ᠨᠡᠮᠡᠭᠳᠡᠭᠦᠯᠬᠦ ᠮᠥᠷᠲᠡᠭᠡᠨ | ᠣᠷᠣᠯᠭ᠎ᠠ ᠶᠢ ᠨᠢ ᠨᠡᠮᠡᠭᠳᠡᠭᠦᠯᠬᠦ ᠶᠢ ᠪᠠᠲᠤᠯᠠᠵᠠᠢ᠃ |