ᠯᠢᠶᠡᠩᠴᠧᠩ ᠰᠢᠶᠠᠨ ᠤ 10 ᠲᠦᠮᠡᠨ ᠮᠦ ᠰᠢᠰᠢ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯ ᠴᠥᠮ ᠬᠥᠭᠵᠢᠶᠡᠨ ᠲᠠᠢ ᠪᠠᠶᠢᠨ᠎ᠠ
ᠨᠡᠶᠢᠲᠡᠯᠡᠭᠰᠡᠨ ᠴᠠᠭ᠄
2023/11/17
    ᠤᠯᠠᠭᠠᠨᠴᠠᠪ ᠬᠤᠲᠠ ᠶᠢᠨ ᠯᠢᠶᠡᠩᠴᠧᠩ ᠰᠢᠶᠠᠨ ᠤ 10 ᠲᠦᠮᠡᠨ ᠮᠦ ᠰᠢᠰᠢ ᠡᠨᠡ ᠵᠢᠯ ᠡᠯᠪᠡᠭ ᠬᠤᠷᠢᠶᠠᠯᠲᠠ ᠣᠯᠪᠠ᠃ ᠲᠠᠷᠢᠶᠠᠴᠢᠳ ᠤᠨ ᠠᠮᠤ ᠪᠤᠳᠠᠭ᠎ᠠ ᠶᠢ ᠴᠠᠭ ᠲᠤᠬᠠᠢ ᠳᠤᠨᠢ ᠪᠡᠯᠡᠨ ᠵᠣᠭᠤᠰ ᠪᠣᠯᠭᠠᠨ ᠬᠤᠪᠢᠷᠠᠭᠤᠯᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠯᠢᠶᠡᠩᠴᠧᠩ ᠰᠢᠶᠠᠨ ᠤ ᠠᠮᠤ ᠪᠤᠳᠠᠭ᠎ᠠ ᠬᠤᠳᠠᠯᠳᠤᠨ ᠠᠪᠬᠤ ᠭᠠᠵᠠᠷ ᠤᠳ ᠬᠥᠮᠥᠷᠭᠡ ᠶᠢᠨ ᠪᠠᠭᠲᠠᠭᠠᠮᠵᠢ ᠪᠠᠨ ᠢᠳᠡᠪᠬᠢᠲᠡᠢ ᠪᠡᠯᠡᠳᠬᠡᠵᠦ᠂ ᠪᠡᠯᠡ ᠮᠥᠩᠭᠦ ᠪᠠᠨ ᠭᠦᠢᠴᠡᠳ ᠪᠡᠯᠡᠳᠬᠡᠵᠦ᠂ ᠰᠢᠰᠢ ᠶᠢ ᠵᠠᠯᠭᠠᠭ᠎ᠠ ᠪᠠᠷ ᠡᠬᠢᠯᠡᠵᠤ ᠵᠢᠩᠯᠡᠨ ᠬᠤᠳᠠᠯᠳᠤᠨ ᠠᠪᠴᠤ᠂ ᠲᠠᠷᠢᠶᠠᠴᠢᠳ ᠤᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃     ᠡᠨᠡ ᠬᠡᠳᠦᠨ ᠡᠳᠦᠷ᠂ ᠬᠤᠩ ᠮᠣᠣ ᠪᠠᠯᠭᠠᠰᠤ ᠶᠢᠨ ᠭᠦᠩ ᠭᠧᠦ ᠶᠠᠨ ᠲᠣᠰᠬᠤᠨ ᠤ ᠮᠧᠩ ᡁᠢ ᠶᠦᠨ ᠬᠤᠳᠠᠯᠳᠤᠨ ᠠᠪᠬᠤ ᠦᠷᠳᠡᠭᠡ ᠶᠠᠭ ᠶᠠᠭᠠᠷᠠᠯᠳᠤᠵᠤ ᠪᠠᠶᠢᠨ᠎ᠠ᠃ ᠡᠷᠬᠢᠨ ᠲᠣᠭᠤᠷᠢᠨ ᠤ ᠲᠠᠷᠢᠶᠠᠴᠢᠨ ᠡᠷᠦᠭᠡ ᠲᠷᠠᠺᠲ᠋ᠣᠷ᠂ ᠠᠴᠢᠶᠠᠨ ᠤ ᠮᠠᠰᠢᠨ ᠲᠡᠷᠭᠡ ᠪᠠᠨ ᠵᠢᠯᠣᠭᠤᠳᠤᠨ ᠰᠢᠰᠢ ᠶᠢ ᠲᠡᠭᠡᠭᠡᠪᠦᠷᠢᠯᠡᠨ ᠠᠪᠴᠢᠷᠠᠵᠤ᠂ ᠲᠡᠰ ᠳᠠᠷᠠᠭᠠᠯᠠᠨ ᠮᠥᠷᠯᠡᠨ ᠵᠢᠭᠰᠠᠵᠤ ᠠᠮᠤ ᠪᠤᠳᠠᠭ᠎ᠠ ᠶᠢ ᠰᠢᠯᠭᠠᠨ ᠪᠠᠶᠢᠴᠠᠭᠠᠵᠤ᠂ ᠵᠢᠩᠯᠡᠵᠦ᠂ ᠳ᠋ᠦᠩᠨᠡᠨ ᠪᠤᠳᠤᠵᠤ᠂ ᠪᠦᠬᠦ᠋ᠢᠯᠡ ᠬᠤᠳᠠᠯᠳᠤᠨ ᠠᠪᠬᠤ ᠶᠠᠪᠤᠴᠠ ᠡᠮᠬᠢ ᠳᠢᠭᠯᠢᠮ ᠲᠠᠢ ᠪᠠᠶᠢᠨ᠎ᠠ᠃     ᠡᠨᠡ ᠵᠢᠯ᠂ ᠯᠢᠶᠡᠩᠴᠧᠩ ᠰᠢᠶᠠᠨ ᠤ ᠠᠮᠤ ᠪᠤᠳᠠᠭᠠᠨ ᠤ ᠶᠡᠷᠦᠩᠬᠡᠢ ᠳᠠᠷᠢᠬᠤ ᠲᠠᠯᠠᠪᠠᠶ 77.31 ᠲᠦᠮᠡᠨ ᠮᠦ ᠳᠤ ᠬᠦᠷᠴᠦ᠂ ᠡᠭᠦᠨ ᠤ ᠳᠣᠲᠣᠷ᠎ᠠ ᠰᠢᠰᠢ ᠳᠠᠷᠢᠬᠤ ᠲᠠᠯᠠᠪᠠᠶ 10.86 ᠲᠦᠮᠡᠨ ᠮᠦ ᠳᠤ ᠬᠦᠷᠴᠦ᠂ ᠵᠢᠱᠢᠯᠲᠡ ᠪᠠᠷ ᠤᠨᠠᠯᠲᠠ ᠨᠢ 2.59 ᠲᠦᠮᠡᠨ ᠲᠣᠨ ᠪᠣᠯᠣᠨ᠎ᠠ᠃ ᠪᠦᠬᠦ ᠰᠢᠶᠠᠨ ᠤ ᠡᠯ᠎ᠡ ᠬᠤᠳᠠᠯᠳᠤᠨ ᠠᠪᠬᠤ ᠦᠷᠲᠡᠭᠡ ᠲᠤᠰ ᠭᠠᠵᠠᠷ ᠤᠨ ᠰᠢᠰᠢ ᠶᠢ ᠬᠤᠳᠠᠯᠳᠤᠨ ᠠᠪᠬᠤ ᠳᠤ ᠰᠠᠭᠤᠷᠢᠯᠠᠵᠤ᠂ ᠶᠠᠰᠤ ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠰᠢᠰᠢ ᠶᠢ ᠬᠤᠷᠢᠶᠠᠬᠤ ᠳᠤ ᠵᠣᠬᠢᠬᠤ ᠶᠢ ᠨᠢ ᠪᠦᠬᠦᠨ ᠢ ᠬᠤᠷᠢᠶᠠᠵᠤ᠂ ᠲᠠᠷᠢᠶᠠᠴᠢᠳ ᠤᠨ ᠬᠠᠳᠠᠭᠠᠯᠠᠬᠤ ᠳᠤ ᠬᠦᠴᠢᠷ᠂ ᠪᠡᠯᠡᠨ ᠵᠣᠭᠤᠰ ᠪᠣᠯᠭᠠᠬᠤ ᠳᠤ ᠬᠦᠴᠢᠷ ᠪᠠᠶᠢᠬᠤ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠮᠥᠬᠦᠯᠢᠭ ᠢ ᠬᠥᠮᠥᠷᠭᠡ ᠳᠤ ᠣᠷᠣᠭᠤᠯᠬᠤ᠂ ᠤᠨᠠᠯᠲᠠ ᠶᠢ ᠨᠡᠮᠡᠭᠳᠡᠭᠦᠯᠬᠦ ᠮᠥᠷᠲᠡᠭᠡᠨ ᠣᠷᠣᠯᠭ᠎ᠠ ᠶᠢ ᠨᠢ ᠨᠡᠮᠡᠭᠳᠡᠭᠦᠯᠬᠦ ᠶᠢ ᠪᠠᠲᠤᠯᠠᠵᠠᠢ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2