ᠨᠠᠰᠤᠲᠠᠨ ᠢᠶᠠᠨ ᠠᠴᠢᠯᠠᠨ ᠬᠦᠨᠳᠦᠯᠡᠵᠦ ᠰᠠᠶᠢᠨ ᠳᠤᠷ᠎ᠠ ᠶᠢᠨ ᠦᠢᠯᠡᠴᠢᠯᠡᠭᠡ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/11/2
    ᠣᠶᠢᠷ᠎ᠠ ᠳᠤ᠂ ᠱᠠᠩᠳᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠦᠨ ᠺᠧᠨ ᠳ᠋ᠦᠢ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠨᠡᠶᠢᠭᠡᠮ ᠤᠨ ᠠᠵᠢᠯ ᠤᠨ ᠥᠷᠲᠡᠭᠡ᠂ ᠱᠠᠩᠳᠤ ᠰᠢᠶᠠᠨ ᠤ ᠰᠢᠨ ᠯᠧ ᠨᠡᠶᠢᠭᠡᠮ ᠤᠨ ᠠᠵᠢᠯ ᠤᠨ ᠬᠥᠭᠵᠢᠯᠲᠡ ᠶᠢᠨ ᠦᠢᠯᠡᠴᠢᠯᠡᠭᠡᠨ ᠤ ᠲᠥᠪ ᠠᠴᠠ ᠬᠠᠮᠲᠤᠷᠠᠨ ᠡᠷᠭᠢᠯᠡᠭᠰᠡᠨ ︽ᠨᠠᠰᠤᠲᠠᠨ ᠢᠶᠠᠨ ᠠᠴᠢᠯᠠᠵᠤ ᠬᠠᠶᠢᠷᠠᠯᠠᠬᠤ ᠡᠷᠬᠢᠮ ᠰᠤᠷᠲᠠᠯ ᠢ ᠤᠯᠠᠮᠵᠢᠯᠠᠵᠤ᠂ ᠲᠠᠪᠤᠨ ᠬᠤᠷᠢᠶ᠎ᠠ ᠬᠤᠯᠪᠤᠭᠠᠯᠠᠨ ᠬᠥᠳᠡᠯᠦᠯᠴᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠲᠦᠨ ᠺᠧᠨ ᠳ᠋ᠦᠢ ᠪᠠᠯᠭᠠᠰᠤᠨ ᠤ ᠭᠤᠤ ᠶᠢᠨ ᠲᠣᠰᠬᠤᠨ ᠤ ᠵᠣᠯ ᠵᠢᠷᠭᠠᠯ ᠤᠨ ᠬᠦᠷᠢᠶᠡᠯᠡᠩ ᠳᠤ ᠬᠥᠷᠪᠡ᠃     ᠠᠵᠢᠯᠯᠠᠭ᠎ᠠ ᠶᠢᠨ ᠳᠤᠮᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠠᠷᠢᠯᠴᠠᠬᠤ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠦᠰᠦ ᠵᠠᠰᠠᠵᠤ ᠥᠭᠬᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠪᠡᠶ᠎ᠡ ᠪᠠᠷ ᠢᠶᠠᠨ ᠬᠠᠪᠰᠤᠷᠬᠤ᠂ ᠨᠠᠰᠤᠵᠢᠯ ᠤᠨ ᠠᠰᠠᠷᠠᠮᠵᠢ ᠶᠢᠨ ᠠᠮᠢᠳᠤᠷᠠᠯ ᠤᠨ ᠭᠡᠷᠡᠴᠢᠯᠡᠯ ᠬᠢᠬᠦ᠂ ᠠᠯᠪᠠᠨ ᠵᠢᠷᠤᠮ ᠤᠨ ᠡᠮᠴᠢᠯᠡᠭᠡ ᠬᠢᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠠᠰᠤᠲᠠᠶᠢᠴᠤᠳ ᠲᠤ ᠳᠣᠲᠣᠨᠣ ᠦᠢᠯᠡᠴᠢᠯᠡᠭᠡ ᠬᠠᠩᠭᠠᠪᠡ᠃                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2