10 ᠰᠠᠷ᠎ᠠ ᠶᠢᠨ 31 ᠤ ᠡᠳᠦᠷ᠂ ︽ᠣᠣᠷ ᠠᠮᠲᠠᠲᠤ ᠤᠯᠠᠭᠠᠨᠴᠠᠪ︾ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠵᠤ᠂ | ︽ᠣᠣᠷ ᠠᠮᠲᠠᠲᠤ ᠤᠯᠠᠭᠠᠨᠴᠠᠪ︾ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠢ ᠳᠠᠬᠢᠨ | ᠲᠣᠬᠢᠷᠠᠭᠤᠯᠵᠤ᠂ ᠳᠠᠬᠢᠨ ᠪᠠᠶᠢᠷᠢᠯᠠᠭᠤᠯᠵᠤ᠂ ᠳᠠᠬᠢᠨ ᠲᠦᠯᠬᠢᠨ ᠠᠬᠢᠭᠤᠯᠪᠠ᠃ | ᠬᠤᠲᠠ ᠶᠢᠨ ᠳᠡᠳ᠋ ᠳᠠᠷᠤᠭ᠎ᠠ ᠯᠢ ᠵᠢᠶᠠᠨ ᠵᠢᠶᠦ᠋ᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠤ ᠳ᠋ᠸᠦ ᠵᠢᠢ ︵ᠥᠪᠥᠷ ᠮᠣᠩᠭᠤᠯ︶ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ | ᠺᠣᠮᠫᠠᠨᠢ ᠵᠡᠷᠭᠡ ︽ᠣᠣᠷ ᠠᠮᠲᠠᠲᠤ ᠤᠯᠠᠭᠠᠨᠴᠠᠪ︾ ᠬᠡᠷᠡᠭᠯᠡᠭᠡᠨ ᠤ ᠨᠡᠶᠢᠲᠡᠯᠢᠭ ᠡᠵᠡᠩᠨᠡᠯᠲᠡ ᠶᠢᠨ ᠭᠤᠣᠯ ᠴᠣᠭᠴᠠ | ᠪᠣᠯᠣᠨ ᠵᠢᠨᠢᠩ ᠲᠣᠭᠤᠷᠢᠭ ᠵᠡᠷᠭᠡ ︽ᠣᠣᠷ ᠠᠮᠲᠠᠲᠤ ᠤᠯᠠᠭᠠᠨᠴᠠᠪ︾ ᠬᠡᠷᠡᠭᠯᠡᠭᠡᠨ ᠤ ᠨᠡᠶᠢᠲᠡᠯᠢᠭ ᠵᠢᠱᠢᠶ᠎ᠡ ᠶᠢᠨ | ᠬᠤᠰᠢᠭᠤ ᠰᠢᠶᠠᠨ ᠲᠣᠭᠤᠷᠢᠭ ᠤᠨ ᠬᠢᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠵᠠᠬ᠎ᠠ ᠳᠡᠯᠭᠡᠭᠦᠷ ᠬᠢᠭᠡᠳ ᠭᠠᠳᠠᠭᠠᠳᠤ ᠯᠤᠭ᠎ᠠ ᠶᠢᠨ | ᠬᠠᠮᠲᠤᠷᠠᠯᠴᠠᠭᠠᠨ ᠤ ᠭᠠᠵᠠᠷ ᠤᠨ ᠳᠠᠷᠤᠭ᠎ᠠ ᠾᠧᠦ ᠶᠠᠨ ᠪᠢᠩ ᠪᠣᠯᠣᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ ᠤᠨ ᠨᠠᠷᠠᠲᠤ ᠲᠡᠮᠳᠡᠭ ᠤᠨ ᠵᠥᠪᠯᠡᠭᠴᠢ ᠯᠢᠨ ᠬᠠᠢ ᠯᠢᠶᠠᠩ ᠤᠷᠢᠯᠭ᠎ᠠ ᠪᠠᠷ | ᠲᠠᠷᠢᠶᠠᠯᠠᠩ ᠤᠨ ᠨᠠᠷᠠᠲᠤ ᠲᠡᠮᠳᠡᠭ ᠤᠨ ᠪᠠᠶᠢᠭᠤᠯᠤᠯᠲᠠ ᠶᠢᠨ ᠲᠤᠬᠠᠢ ᠮᠡᠳᠡᠯᠭᠡ ᠪᠠ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠪᠠ᠃ | ᠬᠤᠷᠠᠯ ᠠᠴᠠ᠂ ︽ᠣᠣᠷ ᠠᠮᠲᠠᠲᠤ ᠤᠯᠠᠭᠠᠨᠴᠠᠪ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠥᠷᠥᠯ ᠲᠡᠮᠳᠡᠭᠲᠦ ᠶᠢᠨ ᠪᠠᠶᠢᠭᠤᠯᠤᠯᠲᠠ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ᠂ ᠣᠷᠳᠣ | ᠬᠤᠭᠤᠴᠠᠭᠠᠨ ᠤ ᠢᠨᠵᠧᠨᠧᠷᠢᠩ ᠮᠥᠨ ᠪᠣᠯᠬᠤᠷ ᠣᠯᠠᠨ ᠲᠠᠯ᠎ᠠ ᠶᠢᠨ ᠬᠢᠨ ᠣᠷᠣᠯᠴᠠᠵᠤ᠂ ᠬᠠᠮᠲᠤ ᠪᠠᠷ ᠲᠦᠯᠬᠢᠨ | ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽ᠪᠣᠬᠢᠷᠲᠤᠯ ᠦᠭᠡᠢ ᠣᠷᠭᠠᠨᠢᠭ ᠲᠦᠷᠦᠯ ᠲᠡᠮᠳᠡᠭ | ᠢ ᠡᠭᠦᠳᠬᠦ ᠶᠢ ᠰᠠᠶᠢᠲᠤᠷ ᠠᠳᠬᠤᠬᠤ︾ ᠲᠤᠬᠠᠢ ᠵᠢᠭᠠᠪᠤᠷᠢ ᠶᠢᠨ ᠵᠣᠷᠢᠭ ᠰᠠᠨᠠᠭ᠎ᠠ ᠶᠢᠨ ᠲᠣᠭᠤᠷᠢᠨ ᠳᠤ᠂ | ᠬᠦᠴᠦ ᠪᠠᠨ ᠬᠠᠮᠲᠤᠳᠬᠠᠨ ᠬᠠᠮᠵᠢᠯᠴᠠᠵᠤ᠂ ᠪᠦᠬᠦ ᠠᠵᠢᠯᠲᠠᠨ ᠬᠠᠮᠲᠤᠪᠠᠷ ᠪᠠᠶᠢᠭᠤᠯᠬᠤ ᠶᠢ ᠪᠠᠷᠢᠮᠲᠠᠯᠠᠵᠤ᠂ ︽ᠣᠣᠷ | ᠠᠮᠲᠠᠲᠤ ᠤᠯᠠᠭᠠᠨᠴᠠᠪ︾ ᠲᠦᠷᠦᠯ ᠲᠡᠮᠳᠡᠭ ᠢ ᠨᠡᠩ ᠥᠨᠳᠥᠷ ᠲᠡᠰ ᠳᠠᠪᠬᠤᠷᠭ᠎ᠠ᠂ ᠨᠡᠩ ᠭᠦᠨ ᠬᠦᠷᠢᠶ᠎ᠡ ᠲᠡᠰᠢ | ᠤᠷᠤᠭᠰᠢᠯᠠᠭᠤᠯᠬᠤ ᠶᠢ ᠬᠠᠮᠲᠤᠪᠠᠷ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ | ᠬᠥᠭᠵᠢᠯᠲᠡ ᠶᠢ ᠲᠦᠷᠭᠡᠳᠬᠡᠬᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠣᠷᠴᠢᠭᠤᠯᠤᠭᠴᠢ᠄ ᠭᠤᠸ᠎ᠠ | ᠬᠢᠨᠠᠭᠴᠢ᠄ ᠠᠷᠢᠭᠤᠨ |