ᠯᠢᠶᠡᠩᠴᠧᠩ ᠰᠢᠶᠠᠨ᠄ ᠰᠢᠰᠢ ᠶᠢᠨ ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯ ᠰᠠᠶᠢᠨ ᠲᠠᠷᠢᠶᠠᠴᠢᠳ ᠪᠠᠶᠠᠷ ᠬᠥᠷ ᠲᠠᠢ ᠪᠠᠶᠢᠨ᠎ᠠ
ᠨᠡᠶᠢᠲᠡᠯᠡᠭᠰᠡᠨ ᠴᠠᠭ᠄
2023/11/2
         10 ᠰᠠᠷ᠎ᠠ ᠶᠢᠨ 31 ᠤ ᠡᠳᠦᠷ ᠪᠣᠯᠲᠠᠯ᠎ᠠ᠂ ᠯᠢᠶᠡᠩᠴᠧᠩ ᠰᠢᠶᠠᠨ ᠤ ᠡᠯ᠎ᠡ ᠭᠠᠵᠠᠷ ᠤᠨ ᠡᠯ᠎ᠡ ᠲᠥᠷᠥᠯ ᠤᠨ  ᠲᠠᠷᠢᠮᠠᠯ ᠤᠨ ᠬᠤᠷᠢᠶᠠᠯᠲᠠ ᠰᠢᠪᠲᠤᠷᠭᠠᠨ ᠳᠠᠭᠠᠨ ᠣᠷᠣᠵᠤ᠂ ᠰᠢᠶᠠᠨ ᠤ ᠬᠡᠪᠴᠢᠶᠡᠨ ᠤ ᠡᠯ᠎ᠡ ᠠᠮᠤ ᠪᠤᠳᠠᠭ᠎ᠠ  ᠬᠤᠳᠠᠯᠳᠤᠨ ᠠᠪᠬᠤ ᠥᠷᠲᠡᠭᠡ ᠬᠥᠮᠥᠷᠭᠡ ᠶᠢᠨ ᠪᠠᠭᠲᠠᠭᠠᠮᠵᠢ ᠶᠢ ᠢᠳᠡᠪᠬᠢᠲᠡᠢ ᠪᠡᠯᠡᠳᠬᠡᠵᠦ᠂ ᠪᠡᠯᠡ ᠮᠥᠩᠭᠦ ᠶᠢ  ᠭᠦᠢᠴᠡᠳ ᠪᠡᠯᠡᠳᠬᠡᠵᠦ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠵᠠᠯᠭᠠᠭ᠎ᠠ ᠪᠠᠷ ᠥᠷᠨᠢᠭᠦᠯᠬᠦ ᠶᠢᠨ  ᠵᠡᠷᠭᠡ ᠳᠤ ᠥᠷᠭᠡᠨ ᠣᠯᠠᠨ ᠲᠠᠷᠢᠶᠠᠴᠢᠳ ᠲᠤ ᠠᠮᠤ ᠪᠤᠳᠠᠭ᠎ᠠ ᠬᠤᠳᠠᠯᠳᠤᠬᠤ ᠴᠢᠨᠠᠷ ᠰᠠᠶᠢᠲᠠᠢ ᠦᠢᠯᠡᠴᠢᠯᠡᠭᠡ  ᠬᠠᠩᠭᠠᠵᠤ᠂ ᠠᠮᠤ ᠪᠤᠳᠠᠭ᠎ᠠ ᠶᠢ ᠬᠥᠮᠥᠷᠭᠡ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠲᠠᠷᠢᠶᠠᠴᠢᠳ ᠤᠨ  ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃     ᠣᠯᠠᠨ ᠵᠢᠯ ᠤᠨ ᠲᠤᠷᠰᠢ᠂ ᠯᠢᠶᠡᠩᠴᠧᠩ ᠰᠢᠶᠠᠨ ᠤ ᠮᠧᠩ ᡁᠢ ᠶᠦᠨ ᠰᠢᠰᠢ ᠬᠤᠳᠠᠯᠳᠤᠨ ᠠᠪᠬᠤ ᠥᠷᠲᠡᠭᠡ   ᠨᠢ ᠲᠣᠰ ᠭᠠᠵᠠᠷ ᠤᠨ ᠢᠶᠠᠨ ᠰᠢᠰᠢ ᠬᠤᠳᠠᠯᠳᠤᠨ ᠠᠪᠬᠤ ᠳᠤ ᠰᠠᠭᠤᠷᠢᠯᠠᠨ᠂ ᠶᠠᠰᠤ ᠴᠢᠨᠠᠷ ᠤᠨ ᠱᠠᠭᠠᠷᠳᠠᠯᠭ᠎ᠠ ᠳᠤ  ᠨᠡᠶᠢᠴᠡᠭᠰᠡᠨ ᠰᠢᠰᠢ ᠶᠢ ᠬᠤᠷᠢᠶᠠᠪᠠᠯ ᠵᠣᠬᠢᠬᠤ ᠶᠢ ᠨᠢ ᠴᠥᠮ ᠬᠤᠷᠢᠶᠠᠵᠤ᠂ ᠲᠠᠷᠢᠶᠠᠴᠢᠳ ᠤᠨ ᠬᠠᠳᠠᠭᠠᠯᠠᠬᠤ ᠳᠤ  ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠲᠠᠷᠢᠶᠠᠴᠢᠳ ᠤᠨ ᠬᠤᠶᠢᠰᠢᠳᠠ ᠶᠢᠨ ᠵᠣᠪᠠᠨᠢᠯ ᠢ ᠨᠢ  ᠰᠢᠢᠳᠪᠦᠷᠢᠯᠡᠵᠦ ᠥᠭᠭᠦᠭᠰᠡᠨ ᠪᠠᠶᠢᠨ᠎ᠠ᠃ ᠣᠶᠢᠷ᠎ᠠ ᠳᠤ᠂ ᠯᠢᠶᠡᠩᠴᠧᠩ ᠰᠢᠶᠠᠨ ᠤ ᠮᠧᠩ ᡁᠢ ᠶᠦᠨ ᠤ ᠰᠢᠰᠢ  ᠬᠤᠳᠠᠯᠳᠤᠨ ᠠᠪᠬᠤ ᠥᠷᠲᠡᠭᠡᠨ ᠤ ᠬᠤᠳᠠᠯᠳᠤᠨ ᠠᠪᠬᠤ ᠬᠡᠮᠵᠢᠶ᠎ᠡ ᠪᠠᠷᠤᠭ ᠡᠳᠦᠷ ᠪᠦᠷᠢ 200 ᠭᠠᠷᠤᠢ ᠲᠣᠨ  ᠪᠠᠶᠢᠵᠤ᠂ ᠣᠶᠢᠷ᠎ᠠ ᠶᠢᠨ ᠡᠳᠦᠷ ᠤᠨ ᠬᠤᠳᠠᠯᠳᠤᠨ ᠠᠪᠬᠤ ᠦᠨ᠎ᠡ ᠨᠢ 1.35 ᠲᠥᠭᠦᠷᠢᠭ ᠪᠣᠯᠣᠨ᠎ᠠ᠃     ᠡᠨᠡ ᠵᠢᠯ᠂ ᠯᠢᠶᠡᠩᠴᠧᠩ ᠰᠢᠶᠠᠨ ᠤ ᠠᠮᠤ ᠪᠤᠳᠠᠭᠠᠨ ᠤ ᠶᠡᠷᠦᠩᠬᠡᠢ ᠳᠠᠷᠢᠬᠤ ᠲᠠᠯᠠᠪᠠᠶ 77.31 ᠲᠦᠮᠡᠨ  ᠮᠦ ᠳᠤ ᠬᠦᠷᠴᠦ᠂ ᠡᠭᠦᠨ ᠤ ᠳᠣᠲᠣᠷ᠎ᠠ ᠰᠢᠰᠢ ᠳᠠᠷᠢᠬᠤ ᠲᠠᠯᠠᠪᠠᠶ 10.86 ᠲᠦᠮᠡᠨ ᠮᠦ ᠳᠤ ᠬᠦᠷᠴᠦ᠂  ᠵᠢᠱᠢᠯᠲᠡ ᠪᠠᠷ ᠤᠨᠠᠯᠲᠠ ᠨᠢ 2.59 ᠲᠦᠮᠡᠨ ᠲᠣᠨ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ   ᠬᠢ ᠠᠴᠠ 0.3 ᠲᠦᠮᠡᠨ ᠲᠣᠨ ᠰᠢᠬᠠᠮ ᠨᠡᠮᠡᠭᠳᠡᠬᠦ ᠪᠣᠯᠣᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2