| ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠶᠢ ᠤᠯᠠᠮ ᠨᠢᠭᠡ | ᠠᠯᠬᠤᠮ ᠲᠦᠯᠬᠢᠨ ᠠᠬᠢᠭᠤᠯᠵᠦ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠤᠨ ᠣᠯᠠᠨ ᠨᠡᠶᠢᠲᠡ ᠶᠢᠨ | ᠣᠷᠤᠯᠴᠠᠯᠭ᠎ᠠ ᠶᠢ ᠳᠡᠭᠡᠭᠰᠢᠯᠡᠭᠦᠯᠵᠦ᠂ ᠬᠠᠤᠯᠢ ᠲᠣᠭᠲᠠᠭᠠᠬᠤ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ | ᠬᠠᠤᠯᠢ ᠪᠠᠷ ᠬᠥᠭᠵᠢᠯᠲᠡ ᠶᠢ ᠠᠬᠢᠭᠤᠯᠵᠤ᠂ ᠴᠢᠳᠠᠮᠠᠭᠠᠢ ᠵᠠᠰᠠᠬᠤ ᠶᠢ ᠪᠠᠲᠤᠯᠠᠬᠤ ᠶᠢᠨ ᠲᠤᠰᠠᠳᠠ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠲᠣᠭᠲᠠᠭᠠᠬᠤ ᠬᠠᠤᠯᠢ︾ ᠪᠣᠯᠣᠨ ︽ᠳᠦᠷᠢᠮ ᠲᠣᠭᠲᠠᠭᠠᠯ | ᠲᠣᠭᠲᠠᠭᠠᠬᠤ ᠵᠢᠷᠤᠮ ᠤᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠤᠲᠠ ᠶᠢᠨ | ᠬᠠᠤᠯᠢ ᠴᠠᠭᠠᠵᠠ ᠶᠢᠨ ᠲᠣᠪᠴᠢᠶ᠎ᠠ ᠲᠣᠰ ᠡᠳᠦᠷ ᠠᠴᠠ ᠡᠬᠢᠯᠡᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2024 ᠣᠨ ᠤ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠤᠨ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠦᠷᠦᠯ ᠵᠦᠢᠯ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ 2024 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ | ᠲᠥᠯᠥᠪᠯᠡᠭᠡ ᠶᠢᠨ ᠰᠠᠨᠠᠭᠤᠯᠭ᠎ᠠ ᠶᠢᠨ ᠲᠦᠷᠦᠯ ᠵᠦᠢᠯ ᠢ ᠢᠯᠡ ᠪᠠᠷ ᠴᠤᠭᠯᠠᠭᠤᠯᠤᠨ᠎ᠠ᠂ ᠡᠳᠦᠭᠡ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠰᠠᠨᠠᠭᠤᠯᠭ᠎ᠠ ᠶᠢᠨ ᠭᠤᠣᠯ ᠴᠣᠭᠴᠠ | ᠲᠤᠰ ᠬᠤᠳᠠ ᠳᠤ ᠠᠮᠢᠳᠤᠷᠠᠵᠤ ᠪᠠᠶᠢᠭ᠎ᠠ ᠰᠠᠭᠤᠭᠠᠯᠢ ᠠᠷᠠᠳ᠂ ᠠᠵᠢᠯ ᠡᠷᠬᠢᠯᠡᠵᠦ ᠪᠠᠶᠢᠭ᠎ᠠ ᠬᠠᠤᠯᠢ ᠶᠢᠨ | ᠡᠷᠭᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠪᠦᠬᠦᠨ ᠴᠥᠮ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠲᠦᠷᠦᠯ ᠵᠦᠢᠯ ᠤᠨ ᠲᠤᠬᠠᠢ | ᠰᠠᠨᠠᠭᠤᠯᠭ᠎ᠠ ᠶᠢ ᠲᠤᠰᠠᠭᠠᠷ ᠪᠤᠶᠤ ᠬᠠᠮᠲᠤᠷᠠᠨ ᠳᠤᠷᠠᠳᠴᠤ ᠪᠣᠯᠣᠨ᠎ᠠ᠃ | ᠬᠤᠶᠠᠷ᠂ ᠲᠥᠷᠥᠯ ᠵᠦᠢᠯ ᠤᠨ ᠬᠡᠪᠴᠢᠶ᠎ᠡ | ᠲᠥᠷᠥᠯ ᠵᠦᠢᠯ ᠤᠨ ᠰᠠᠨᠠᠭᠤᠯᠭ᠎ᠠ ᠨᠢ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠪᠠ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ | ᠰᠠᠭᠤᠷᠢᠯᠠᠵᠤ᠂ ᠤᠯᠠᠭᠠᠨᠴᠠᠪ ᠬᠤᠲᠠ ᠶᠢᠨ ᠪᠣᠳᠠᠲᠠᠢ ᠪᠠᠶᠢᠳᠠᠯ ᠪᠠ ᠣᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ | ᠬᠠᠯᠠᠮᠰᠢᠯ ᠪᠠ ᠬᠦᠴᠢᠷ ᠠᠰᠠᠭᠤᠳᠠᠯ ᠲᠠᠢ ᠤᠶᠠᠯᠳᠤᠭᠤᠯᠤᠨ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ | ᠬᠢᠭᠡᠳ ᠬᠠᠮᠢᠶᠠᠷᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠲᠡᠦᠬᠡ ᠰᠣᠶᠣᠯ ᠤᠨ ᠬᠠᠮᠠᠭᠠᠯᠠᠯᠲᠠ᠂ | ᠦᠨᠳᠦᠰᠦᠨ ᠱᠠᠲᠤᠨ ᠤ ᠵᠠᠰᠠᠯᠲᠠ ᠵᠡᠷᠭᠡ ᠵᠦᠢᠯᠡᠰ ᠤᠨ ᠬᠠᠤᠯᠢ ᠲᠣᠭᠲᠠᠭᠠᠨ ᠰᠢᠢᠳᠪᠦᠷᠢᠯᠡᠬᠦ ᠲᠤᠯᠭᠠᠮ᠎ᠠ ᠱᠠᠭᠠᠷᠳᠠᠵᠤ | ᠪᠠᠶᠢᠭ᠎ᠠ ᠠᠰᠠᠭᠤᠳᠠᠯ ᠤᠨ ᠲᠣᠭᠤᠷᠢᠨ ᠳᠤ᠂ 2024 ᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ | ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ᠂ ᠵᠠᠰᠠᠪᠤᠷᠢ ᠣᠷᠣᠭᠤᠯᠬᠤ ᠰᠠᠨᠠᠭᠤᠯᠭ᠎ᠠ ᠶᠢᠨ ᠲᠥᠷᠥᠯ | ᠵᠦᠢᠯ ᠤᠳ ᠢ ᠳᠤᠷᠠᠳᠪᠠ᠃ | ᠭᠤᠷᠪᠠ᠂ ᠮᠡᠳᠡᠭᠦᠯᠦᠨ ᠬᠦᠷᠭᠡᠬᠦ ᠱᠠᠭᠠᠷᠳᠠᠯᠭ᠎ᠠ | ᠳᠦᠷᠢᠮ ᠲᠣᠭᠲᠠᠭᠠᠯ ᠲᠣᠭᠲᠠᠭᠠᠬᠤ ᠲᠦᠷᠦᠯ ᠵᠦᠢᠯ ᠤᠨ ᠲᠤᠬᠠᠢ ᠰᠠᠨᠠᠭᠤᠯᠭ᠎ᠠ ᠶᠢ ᠳᠤᠷᠠᠳᠬᠤ ᠳᠠᠭᠠᠨ ᠪᠣᠳᠠᠲᠠᠢ | ᠪᠥᠭᠡᠳ ᠲᠣᠳᠣᠷᠬᠠᠢ ᠪᠠᠶᠢᠯᠭᠠᠬᠤ ᠶᠢᠨ ᠬᠠᠮᠲᠤ ᠲᠦᠷᠦᠯ ᠵᠦᠢᠯ ᠤᠨ ᠨᠡᠷᠡᠶᠢᠳᠦᠯ᠂ ᠲᠣᠭᠲᠠᠭᠠᠬᠤ ᠶᠢᠨ ᠴᠢᠬᠤᠯᠠ | ᠴᠢᠨᠠᠷ ᠬᠢᠭᠡᠳ ᠪᠣᠯᠣᠮᠵᠢᠲᠤ ᠴᠢᠨᠠᠷ᠂ ᠰᠢᠢᠳᠪᠦᠷᠢᠯᠡᠬᠦ ᠪᠠᠷ ᠲᠥᠯᠥᠪᠯᠡᠵᠦ ᠪᠠᠶᠢᠭ᠎ᠠ ᠭᠤᠣᠯ ᠠᠰᠠᠭᠤᠳᠠᠯ ᠵᠡᠷᠭᠡ | ᠭᠤᠷᠪᠠᠨ ᠵᠦᠢᠯ ᠢ ᠲᠣᠳᠣᠷᠬᠠᠢ ᠪᠢᠴᠢᠬᠦ ᠬᠡᠷᠡᠭᠲᠡᠢ᠃ ᠨᠥᠬᠦᠴᠡᠯ ᠲᠠᠢ ᠪᠣᠯ ᠳᠦᠷᠢᠮ ᠲᠣᠭᠲᠠᠭᠠᠯ ᠤᠨ ᠲᠥᠰᠥᠯ ᠤᠨ | ᠪᠢᠴᠢᠭ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠵᠤ ᠪᠣᠯᠣᠨ᠎ᠠ᠃ ᠬᠠᠷᠢᠯᠴᠠᠬᠤ ᠳᠤ ᠳᠥᠭᠦᠮ | ᠪᠣᠯᠭᠠᠬᠤ ᠶᠢᠨ ᠲᠥᠯᠥᠭᠡ᠂ ᠬᠠᠷᠢᠯᠴᠠᠬᠤ ᠬᠥᠮᠥᠨ ᠤ ᠣᠪᠣᠭ ᠨᠡᠷ᠎ᠡ᠂ ᠪᠠᠶᠢᠭ᠎ᠠ ᠨᠢᠭᠡᠴᠢ ᠪᠠ ᠬᠠᠷᠢᠯᠴᠠᠬᠤ ᠠᠷᠭ᠎ᠠ | ᠮᠠᠶ᠋ᠢᠭ ᠵᠡᠷᠭᠡ ᠶᠢ ᠲᠣᠳᠣᠷᠬᠠᠢ ᠪᠢᠴᠢᠨ᠎ᠡ᠃ | ᠰᠠᠨᠠᠭᠤᠯᠭ᠎ᠠ ᠶᠢ ᠢᠮᠧᠯ᠂ ᠵᠠᠬᠢᠳᠠᠯ ᠵᠡᠷᠭᠡ ᠬᠡᠯᠪᠡᠷᠢ ᠪᠠᠷ ᠳᠤᠷᠠᠳᠴᠤ ᠪᠣᠯᠬᠤ ᠪᠥᠭᠡᠳ ᠢᠮᠧᠯ ᠤᠨ ᠭᠠᠷᠴᠠᠭ ᠪᠤᠶᠤ | ᠵᠠᠬᠢᠳᠠᠯ ᠤᠨ ᠳᠤᠭᠲᠤᠢ ᠳᠡᠭᠡᠷ᠎ᠡ ︽ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠲᠦᠷᠦᠯ | ᠵᠦᠢᠯ ᠤᠨ ᠲᠤᠬᠠᠢ ᠰᠠᠨᠠᠭᠤᠯᠭ᠎ᠠ︾᠂ ︽ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠲᠦᠷᠦᠯ | ᠵᠦᠢᠯ ᠤᠨ ᠲᠤᠬᠠᠢ ᠰᠠᠨᠠᠭᠤᠯᠭ᠎ᠠ︾ ᠭᠡᠬᠦ ᠦᠰᠦᠭ ᠢ ᠲᠣᠳᠣᠷᠬᠠᠶᠢᠯᠠᠭᠠᠷᠠᠢ᠃ ᠰᠠᠨᠠᠭᠤᠯᠭ᠎ᠠ ᠳᠤᠷᠠᠳᠬᠤ ᠬᠤᠭᠤᠴᠠᠭ᠎ᠠ | ᠨᠢ 2023 ᠣᠨ ᠤ 11 ᠰᠠᠷ᠎ᠠ ᠶᠢᠨ 23 ᠤ ᠡᠳᠦᠷ ᠳᠠᠭᠤᠰᠤᠨ᠎ᠠ᠃ | ᠬᠠᠷᠢᠯᠴᠠᠬᠤ ᠬᠠᠶ᠋ᠢᠭ᠄ ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ︵ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠮᠣ ᠠᠰᠠᠷ ᠤᠨ 1005 ᠥᠷᠥᠭᠡ᠂ ᠰᠢᠤᠳᠠᠨ ᠳ᠋ᠤᠭᠠᠷ᠄ | 012000︶ | ᠬᠠᠷᠢᠯᠴᠠᠬᠤ ᠬᠥᠮᠥᠨ᠄ ᠯᠢ ᠵᠢᠶᠦ᠋ᠨ ᠯᠠᠨ ᠯᠢ ᠴᠧᠨ ᠶᠢᠩ | ᠬᠠᠷᠢᠯᠴᠠᠬᠤ ᠤᠲᠠᠰᠤ᠄ 0474-8981018 | ᠢᠮᠧᠯ᠄ wlcbssfjlfk@163.com | | ᠤᠯᠠᠭᠠᠨᠴᠠᠪ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ | 2023 ᠣᠨ ᠤ 11 ᠰᠠᠷ᠎ᠠ ᠶᠢᠨ 16 | | | | | | |