ᠰᠦᠢ ᠸᠧᠢ ᠵᠢᠶᠦ᠋ᠨ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠰᠣᠷᠪᠤᠯᠵᠢᠯᠠᠭ᠎ᠠ ᠶᠢ ᠬᠦᠯᠢᠶᠡᠨ ᠠᠪᠤᠭᠰᠠᠨ ᠪᠥᠭᠡᠳ ᠭᠤᠣᠯ ᠰᠡᠳᠦᠪᠲᠦ ᠬᠥᠮᠦᠵᠢᠯ ᠢ ᠵᠢᠯᠣᠭᠤᠳᠤᠨ ᠥᠷᠨᠢᠭᠦᠯᠪᠡ
ᠨᠡᠶᠢᠲᠡᠯᠡᠭᠰᠡᠨ ᠴᠠᠭ᠄
2023/11/20
    11 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠤᠭᠰᠠᠨ ᠪᠥᠭᠡᠳ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢᠨ ᠲᠤᠰᠬᠠᠢ ᠰᠡᠳᠦᠪᠲᠦ ᠰᠣᠯᠢᠯᠴᠠᠭ᠎ᠠ ᠪᠠ ᠰᠤᠳᠤᠯᠤᠨ ᠶᠠᠷᠢᠯᠴᠠᠬᠤ ᠳᠤ ᠣᠷᠣᠯᠴᠠᠵᠤ᠂ ᠭᠤᠣᠯ ᠰᠡᠳᠦᠪᠲᠦ ᠬᠥᠮᠦᠵᠢᠯ ᠢ ᠵᠢᠯᠣᠭᠤᠳᠤᠨ ᠥᠷᠨᠢᠭᠦᠯᠪᠡ᠃     ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ᠭᠡᠷ ᠲᠤ᠂ ᠰᠦᠢ ᠸᠧᠢ ᠵᠢᠶᠦ᠋ᠨ ᠲᠤᠬᠠᠢ ᠶᠢᠨ ᠲᠠᠯᠠᠪᠤᠷ ᠲᠤ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠤᠪᠠ᠃ ᠬᠤᠶᠠᠷ ᠪᠦᠯᠦᠭ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠭᠡᠷ ᠪᠠᠶᠢᠰᠢᠩ ᠭᠠᠵᠠᠷ ᠬᠥᠷᠥᠩᠭᠡ ᠶᠢᠨ ᠣᠷᠣᠵᠤ ᠰᠠᠭᠤᠬᠤ ᠳᠤ ᠬᠦᠴᠢᠷᠲᠡᠢ ᠪᠠᠶᠢᠬᠤ ᠪᠠ ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠵᠦ ᠪᠠᠶᠢᠭ᠎ᠠ ᠠᠰᠠᠭᠤᠳᠠᠯ ᠢ ᠲᠤᠰᠬᠠᠪᠠ᠃ ᠰᠦᠢ ᠸᠧᠢ ᠵᠢᠶᠦ᠋ᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠰᠠᠭᠤᠳᠠᠯ ᠤᠨ ᠦᠨᠳᠦᠰᠦ ᠰᠤᠷᠪᠤᠯᠵᠢ᠂ ᠰᠢᠢᠳᠪᠦᠷᠢᠯᠡᠬᠦ ᠳᠤ ᠬᠦᠴᠢᠷ ᠠᠰᠠᠭᠤᠳᠠᠯ ᠪᠠ ᠰᠢᠢᠳᠪᠦᠷᠢᠯᠡᠭᠰᠡᠨ ᠠᠬᠢᠴᠠ ᠶᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠰᠢᠢᠳᠪᠦᠷᠢᠯᠡᠬᠦ ᠲᠥᠰᠥᠯ ᠢ ᠲᠤᠬᠠᠢ ᠶᠢᠨ ᠭᠠᠵᠠᠷ ᠲᠤᠨᠢ ᠰᠤᠳᠤᠯᠵᠤ᠂ ᠨᠢᠭᠡᠳ ᠨᠢᠭᠡ ᠪᠠᠷ ᠬᠠᠷᠢᠭᠤᠯᠲᠠ ᠥᠭᠴᠡᠢ᠃ ᠲᠡᠷᠡ ᠬᠠᠷᠢᠶ᠎ᠠ ᠭᠠᠵᠠᠷ ᠤᠨ ᠢᠶᠠᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠠᠷᠢᠨ ᠬᠢᠨᠠᠮᠠᠭᠠᠢ ᠰᠢᠢᠳᠪᠦᠷᠢᠯᠡᠵᠦ᠂ ᠬᠤᠯᠪᠣᠭᠳᠠᠯ ᠪᠦᠬᠦᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠠᠩᠬᠠᠷᠴᠤ ᠠᠩᠬᠠᠷᠴᠤ ᠪᠠᠶᠢᠭ᠎ᠠ ᠠᠰᠠᠭᠤᠳᠠᠯ ᠠᠴᠠ ᠭᠠᠷᠳᠠᠵᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠵᠣᠬᠢᠰᠲᠠᠢ ᠰᠢᠢᠳᠪᠦᠷᠢᠯᠡᠵᠦ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃     ᠵᠠᠬᠢᠳᠠᠯ ᠰᠣᠷᠪᠤᠯᠵᠢᠯᠠᠭ᠎ᠠ ᠶᠢᠨ ᠠᠵᠢᠯ ᠪᠣᠯ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠬᠤ ᠴᠢᠬᠤᠯᠠ ᠴᠣᠩᠬᠤ ᠪᠣᠯᠣᠨ᠎ᠠ᠂ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠪᠣᠯ ᠰᠦᠢ ᠸᠧᠢ ᠵᠢᠶᠦ᠋ᠨ ᠤ ᠭᠤᠣᠯ ᠰᠡᠳᠦᠪᠲᠦ ᠬᠥᠮᠦᠵᠢᠯ ᠤᠨ ᠬᠠᠷᠢᠯᠴᠠᠬᠤ ᠴᠡᠭ ᠪᠣᠯᠣᠨ᠎ᠠ᠃ ᠰᠣᠷᠪᠤᠯᠵᠢᠯᠠᠭ᠎ᠠ ᠶᠢ ᠬᠦᠯᠢᠶᠡᠨ ᠠᠪᠤᠭᠰᠠᠨ ᠤ ᠳᠠᠷᠠᠭ᠎ᠠ᠂ ᠰᠦᠢ ᠸᠧᠢ ᠵᠢᠶᠦ᠋ᠨ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ᠶᠢᠨ ᠲᠤᠰᠬᠠᠢ ᠰᠡᠳᠦᠪᠲᠦ ᠰᠣᠯᠢᠯᠴᠠᠭ᠎ᠠ ᠰᠤᠳᠤᠯᠭᠠᠨ ᠳᠤ ᠣᠷᠣᠯᠴᠠᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠠᠳᠬᠤᠬᠤ ᠶᠢ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠲᠠᠢ ᠨᠢᠭᠲᠠ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ ᠬᠡᠷᠡᠭᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠭᠤᠣᠯ ᠰᠡᠳᠦᠪᠲᠦ ᠬᠥᠮᠦᠵᠢᠯ ᠤᠨ ᠴᠢᠨᠠᠷ ᠰᠠᠶᠢᠲᠠᠢ ᠥᠷᠨᠢᠬᠦ ᠶᠢ ᠠᠬᠢᠭᠤᠯᠬᠤ ᠬᠡᠷᠡᠭᠲᠡᠢ᠃ ︽ᠲᠠᠶᠢᠯᠪᠤᠷᠢᠯᠠᠯᠲᠠ ᠲᠠᠢ ᠰᠡᠳᠬᠢᠬᠦᠢ︾ ︽ᠰᠡᠳᠬᠢᠬᠦᠢ ᠶᠢ ᠰᠢᠯᠢᠳᠡᠭᠵᠢᠭᠦᠯᠬᠦ︾ ᠶᠢ ᠴᠢᠩᠭᠠᠳᠬᠠᠵᠤ᠂ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠶᠡᠬᠡᠪᠡᠷ ᠳᠡᠯᠭᠡᠷᠡᠭᠦᠯᠵᠦ᠂ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠪᠠᠷ ᠴᠢᠷᠮᠠᠶᠢᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠠᠰᠠᠭᠤᠳᠠᠯ ᠢ ᠰᠢᠢᠳᠪᠦᠷᠢᠯᠡᠭᠰᠡᠨ ᠪᠣᠳᠠᠲᠠᠢ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠬᠡᠷᠡᠭᠲᠡᠢ ᠭᠡᠵᠦ ᠬᠡᠯᠡᠪᠡ᠃      ᠯᠢᠦ ᠭᠦᠸᠧ ᠭᠠᠩ ᠣᠷᠣᠯᠴᠠᠪᠠ᠃                                                    ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2